ᠲᠠᠶᠢᠰᠠᠨ ᠤ ᠵᠦᠴᠦᠭᠡ ︽ᠤᠯᠤᠰ ᠤᠨ ᠬᠡᠦᠬᠡᠳ︾ ᠢ ᠬᠥᠬᠡᠬᠤᠲᠠ ᠳᠤ ᠲᠤᠭᠯᠠᠯ᠎ᠠ
ᠨᠡᠶᠢᠲᠡᠯᠡᠭᠰᠡᠨ ᠴᠠᠭ᠄
2023/9/26
      ︵ᠰᠤᠷᠪᠤᠯᠵᠢᠯᠠᠭᠴᠢ ᠯᠢᠦᠢ ᠬᠤᠶ ᠱᠧᠩ︶ 9 ᠳ᠋ᠤᠭᠡᠷ ᠰᠠᠷ᠎ᠠ ᠶᠢᠨ 22 ᠤᠨ ᠣᠷᠣᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠢᠭᠡᠳᠦᠮᠡᠯ ᠹᠷᠣᠨᠲ ᠤᠨ ᠬᠡᠯᠲᠡᠰ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ ᠵᠢᠴᠢ ᠪᠡᠭᠡᠵᠢᠩ ᠤᠨ ᠤᠷᠠᠨ ᠰᠠᠶᠢᠬᠠᠨ ᠤ ᠪᠦᠯᠦᠭᠯᠡᠯ ᠬᠠᠮᠲᠤᠷᠠᠨ ᠦᠢᠯᠡᠳᠴᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠠᠴᠠ ᠵᠢᠯᠤᠭᠤᠳᠴᠤ᠂ ᠳᠤᠮᠳᠠᠳᠤ ᠤᠯᠤᠰ ᠤᠨ ᠬᠡᠦᠬᠡᠯᠳᠡᠢ ᠶᠢᠨ ᠤᠷᠠᠯᠢᠭ ᠵᠦᠴᠦᠭᠡ ᠶᠢᠨ ᠬᠦᠷᠢᠶᠡᠯᠡᠩ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠵᠣᠬᠢᠶᠠᠨ ᠪᠦᠲᠦᠭᠡᠵᠦ᠂ ᠳᠤᠮᠳᠠᠳᠤ ᠤᠯᠤᠰ ᠤᠨ ᠬᠡᠦᠬᠡᠯᠳᠡᠢ ᠶᠢᠨ ᠤᠷᠠᠯᠢᠭ ᠵᠦᠴᠦᠭᠡ ᠶᠢᠨ ᠬᠦᠷᠢᠶᠡᠯᠡᠩ᠂ ᠳᠤᠮᠳᠠᠳᠤ ᠤᠯᠤᠰ ᠤᠨ ᠼᠢᠷᠺ ᠤᠨ ᠪᠦᠯᠬᠦᠮ᠂ ᠪᠡᠭᠡᠵᠢᠩ ᠬᠤᠲᠠ ᠶᠢᠨ ᠼᠢᠷᠺ ᠤᠨ ᠰᠤᠷᠭᠠᠭᠤᠯᠢ ᠶᠢᠨ ᠲᠤᠭᠯᠠᠭᠴᠢᠳ ᠬᠠᠮᠲᠤᠷᠠᠨ ᠲᠣᠭᠯᠠᠭᠰᠠᠨ ︽ᠤᠯᠤᠰ ᠤᠨ ᠬᠡᠦᠬᠡᠳ︾ ᠭᠡᠬᠦ ᠲᠣᠮᠣ ᠬᠡᠯᠪᠡᠷᠢ ᠶᠢᠨ ᠬᠡᠦᠬᠡᠳ ᠤᠨ ᠲᠠᠶᠢᠰᠠᠨ ᠤ ᠵᠦᠴᠦᠭᠡ ᠶᠢᠨ ᠬᠥᠬᠡᠬᠤᠲᠠ ᠥᠷᠲᠡᠭᠡ ᠶᠢᠨ ᠲᠣᠭᠤᠷᠢᠨ ᠲᠣᠭᠯᠠᠯᠲᠠ ᠥᠪᠥᠷ ᠮᠣᠩᠭᠤᠯ ᠤᠨ ᠤᠷᠠᠯᠢᠭ ᠤᠨ ᠲᠢᠶᠠᠲᠷ ᠲᠤ ᠶᠠᠪᠤᠭᠳᠠᠪᠠ᠃      ︽ᠤᠯᠤᠰ ᠤᠨ ᠬᠡᠦᠬᠡᠳ︾ ᠪᠣᠯ ᠪᠠᠭᠠᠴᠤᠳ ᠬᠡᠦᠬᠡᠳ ᠲᠤ ᠵᠣᠷᠢᠭᠤᠯᠤᠭᠰᠠᠨ ᠪᠣᠳᠠᠲᠤ ᠲᠡᠮᠳᠡᠭᠯᠡᠯ ᠤᠨ ᠰᠡᠳᠦᠪᠲᠦ ᠲᠠᠶᠢᠰᠠᠨ ᠤ ᠵᠦᠴᠦᠭᠡ ᠶᠤᠮ᠃ ᠲᠤᠰ ᠵᠦᠴᠦᠭᠡ ᠨᠢ ︽ᠭᠤᠷᠪᠠᠨ ᠮᠢᠩᠭᠠᠨ ᠥᠨᠥᠴᠢᠨ ᠬᠡᠦᠬᠡᠳ ᠥᠪᠥᠷ ᠮᠣᠩᠭᠤᠯ ᠳᠤ ᠢᠷᠡᠭᠰᠡᠨ︾ ᠦᠨᠳᠦᠰᠦᠲᠡᠨ ᠤ ᠪᠦᠯᠬᠦᠮᠳᠡᠯ ᠤᠨ ᠦᠯᠢᠭᠡᠷ ᠢᠶᠠᠷ ᠠᠷᠤ ᠦᠵᠡᠭᠳᠡᠯ ᠪᠣᠯᠭᠠᠵᠤ᠂ ︽ᠠᠷᠠᠳ ᠤᠨ ᠵᠢᠱᠢᠶᠡᠴᠢ︾ ᠳᠦᠭᠦᠶᠢᠮ᠎ᠠ ᠪᠠ ︽ᠤᠯᠤᠰ ᠤᠨ ᠬᠡᠦᠬᠡᠳ︾ ᠤᠨ ᠦᠯᠢᠭᠡᠷ ᠢᠶᠠᠷ ᠤᠭ ᠳᠦᠷᠢ ᠪᠣᠯᠭᠠᠵᠤ᠂ ᠵᠠᠯᠠᠭᠤᠴᠤᠳ ᠪᠠᠭᠠᠴᠤᠳ ᠤᠨ ᠦᠵᠡᠵᠦ ᠰᠣᠨᠣᠰᠬᠤ ᠳᠤᠷᠠᠲᠠᠢ᠂ ᠣᠷᠣᠯᠴᠠᠬᠤ ᠳᠤ ᠳᠥᠭᠦᠮ᠂ ᠣᠷᠣᠯᠴᠠᠬᠤ ᠳᠤᠷᠠᠲᠠᠢ ᠬᠡᠯᠪᠡᠷᠢ ᠶᠢ ᠠᠪᠴᠤ᠂ ᠣᠳᠣ ᠦᠶ᠎ᠡ ᠶᠢᠨ ᠲᠠᠶᠢᠰᠠᠨ ᠤ ᠵᠦᠴᠦᠭᠡ ᠶᠢᠨ ᠢᠯᠡᠷᠡᠭᠦᠯᠦᠯ ᠤᠨ ᠠᠷᠭ᠎ᠠ ᠪᠠᠷᠢᠯ ᠢᠶᠠᠷ ᠭᠠᠵᠠᠷ ᠣᠷᠣᠨ᠂ ᠦᠨᠳᠦᠰᠦᠲᠡᠨ ᠂ ᠴᠢᠰᠤᠨ ᠲᠦᠷᠦᠯ ᠠᠴᠠ ᠳᠠᠪᠠᠭᠰᠠᠨ ᠠᠭᠤᠤ ᠶᠡᠭᠡ ᠡᠬᠡ ᠶᠢᠨ ᠬᠠᠶᠢᠷ᠎ᠠ ᠪᠠ ᠬᠥᠮᠥᠨ ᠤ ᠶᠢᠷᠲᠢᠨᠴᠦ ᠶᠢᠨ ᠶᠡᠭᠡ ᠬᠠᠶᠢᠷ᠎ᠠ ᠶᠢ ᠢᠯᠡᠷᠡᠭᠦᠯᠵᠦ᠂ ᠦᠨᠳᠦᠰᠦᠲᠡᠨ ᠨᠦᠭᠦᠳ ᠤᠨ ᠠᠬ᠎ᠠ ᠳᠡᠭᠦᠦ ᠬᠤᠭᠤᠷᠣᠨᠳᠤ ᠪᠠᠨ ᠳᠣᠲᠤᠨᠤᠰᠤᠭ ᠬᠠᠨᠳᠤᠵᠤ᠂ ᠰᠠᠬᠢᠨ ᠪᠠᠷᠠᠯᠠᠵᠦ ᠬᠠᠷᠢᠯᠴᠠᠨ ᠬᠠᠪᠰᠤᠷᠤᠯᠴᠠᠭᠰᠠᠨ ᠰᠡᠳᠬᠢᠯ ᠬᠥᠳᠡᠯᠭᠡᠮ᠎ᠡ ᠲᠡᠦᠬᠡᠨ ᠦᠯᠢᠭᠡᠷ ᠪᠠ ᠥᠪᠥᠷ ᠮᠣᠩᠭᠤᠯ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠦᠨᠡᠨ ᠰᠡᠳᠬᠢᠯ ᠠᠴᠠ ᠪᠠᠨ ᠨᠠᠮ ᠤᠨ ᠠᠴᠢ ᠡᠨᠡᠷᠢᠯ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠲᠠᠭᠠᠬᠰᠠᠨ ᠢᠷᠠᠭᠤ ᠠᠯᠳᠠᠷᠲᠤ ᠤᠯᠠᠮᠵᠢᠯᠠᠯ ᠢ ᠢᠯᠡᠷᠡᠭᠦᠯᠵᠦ᠂ ᠳᠤᠮᠳᠠᠳᠤ ᠶᠢᠨ ᠦᠨᠳᠦᠰᠦᠲᠡᠨ  ᠨᠢᠭᠡ ᠭᠡᠷ ᠤᠨ ᠬᠥᠮᠥᠨ ᠮᠡᠲᠦ ᠳᠣᠲᠣᠨᠣ᠂ ᠰᠡᠳᠬᠢᠯ ᠢᠶᠠᠨ ᠨᠢᠭᠡᠳᠬᠡᠨ ᠳᠤᠮᠳᠠᠳᠤ ᠶᠢᠨ ᠵᠡᠭᠦᠳᠦ ᠪᠠᠨ ᠬᠠᠮᠲᠤ ᠪᠠᠷ ᠲᠡᠷᠭᠡᠯᠰᠢᠭᠦᠯᠦᠭᠰᠡᠨ ᠤᠯᠤᠰ ᠤᠨ ᠮᠠᠭᠲᠠᠭᠠᠯ ᠳᠠᠭᠤᠤ ᠶᠢ ᠠᠮᠢᠳᠤᠯᠢᠭ ᠢᠶᠠᠷ ᠪᠢᠴᠢᠭᠯᠡᠭᠰᠡᠨ ᠪᠠᠶᠢᠨ᠎ᠠ᠃      ᠲᠤᠬᠠᠢ ᠶᠢᠨ ᠲᠠᠯᠠᠪᠤᠷ ᠲᠤ ᠬᠥᠬᠡᠬᠤᠲᠠ ᠶᠢᠨ ︽ᠤᠯᠤᠰ ᠤᠨ ᠬᠡᠦᠬᠡᠳ︾ ᠤᠨ ᠲᠥᠯᠥᠭᠡᠯᠡᠭᠴᠢ᠂ ᠥᠪᠡᠷᠲᠡᠭᠡᠨ ᠵᠠᠰᠠᠬᠤ ᠣᠷᠣᠨ᠂ ᠬᠥᠬᠡᠬᠤᠲᠠ ᠶᠢᠨ ᠡᠯ᠎ᠡ ᠨᠢᠭᠡᠴᠢ ᠶᠢᠨ ᠺᠠᠳ᠋ᠷ ᠠᠵᠢᠯᠲᠠᠨ ᠠᠵᠢᠯᠴᠢᠨ᠂ ᠨᠢᠭᠡᠳᠦᠮᠡᠯ ᠹᠷᠣᠨᠲ ᠤᠨ ᠡᠯ᠎ᠡ ᠬᠦᠷᠢᠶᠡᠨ ᠤ ᠲᠥᠯᠥᠭᠡᠯᠡᠭᠴᠢ ᠬᠥᠮᠥᠰ᠂ ᠬᠥᠬᠡᠬᠤᠲᠠ ᠶᠢᠨ ᠡᠯ᠎ᠡ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠰᠤᠷᠤᠭᠴᠢᠳ ᠵᠢᠴᠢ ᠬᠤᠲᠠ ᠶᠢᠨ ᠠᠷᠠᠳ ᠦᠵᠡᠭᠴᠢᠳ ᠨᠡᠶᠢᠲᠡ 500 ᠭᠠᠷᠤᠢ ᠬᠥᠮᠥᠨ ᠵᠦᠴᠦᠭᠡ ᠶᠢ ᠰᠣᠨᠢᠷᠬᠠᠵᠠᠢ᠃      ᠢᠷᠡᠯᠲᠡ᠄ ᠬᠦᠬᠡᠬᠤᠲᠠ ᠶᠢᠨ ᠡᠳᠦᠷ ᠤᠨ ᠰᠣᠨᠢᠨ
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ