ᠦᠴᠦᠸᠠᠨ ᠰᠢᠶᠠᠨ ᠤ ᠨᠠᠮ ᠤᠨ ᠬᠤᠷᠢᠶ᠎ᠠ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠤᠨ ᠨᠢᠭᠡᠳᠦᠭᠡᠷ ᠬᠤᠭᠤᠴᠠᠭᠠᠨ ᠤ ᠨᠣᠮ ᠤᠩᠰᠢᠬᠤ ᠠᠩᠭᠢ ᠡᠷᠬᠢᠯᠡᠪᠡ
ᠨᠡᠶᠢᠲᠡᠯᠡᠭᠰᠡᠨ ᠴᠠᠭ᠄
2023/9/26
      ︵ᠰᠤᠷᠪᠤᠯᠵᠢᠯᠠᠭᠴᠢ ᠶᠦᠨ ᠶᠠᠨ ᠹᠠᠩ︶ 9 ᠳ᠋ᠤᠭᠡᠷ ᠰᠠᠷ᠎ᠠ ᠶᠢᠨ 22 ᠤᠨ ᠡᠳᠦᠷ ᠠᠴᠠ 24 ᠤ ᠡᠳᠦᠷ ᠪᠣᠯᠲᠠᠯ᠎ᠠ᠂ ᠦᠴᠦᠸᠠᠨ ᠰᠢᠶᠠᠨ ᠤ ᠨᠠᠮ ᠤᠨ ᠬᠤᠷᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠤᠨ ᠠᠩᠬᠠᠳᠤᠭᠠᠷ ᠬᠤᠭᠤᠴᠠᠭᠠᠨ ᠤ ᠨᠣᠮ ᠤᠩᠰᠢᠬᠤ ᠠᠩᠭᠢ ᠶᠢ ᠡᠷᠬᠢᠯᠡᠪᠡ᠃      ᠨᠣᠮ ᠤᠩᠰᠢᠬᠤ ᠠᠩᠭᠢ ᠶᠢ ᠲᠤᠰᠬᠠᠢ ᠰᠡᠳᠦᠪᠲᠦ ᠲᠠᠶᠢᠯᠤᠮᠵᠢ ᠬᠢᠬᠦ᠂ ᠲᠥᠪᠯᠡᠷᠡᠭᠦᠯᠦᠨ ᠨᠣᠮ ᠤᠩᠰᠢᠬᠤ᠂ ᠰᠤᠷᠤᠯᠴᠠᠯᠭ᠎ᠠ ᠶᠢ ᠵᠢᠯᠣᠭᠤᠳᠤᠨ ᠲᠠᠶᠢᠯᠤᠮᠵᠢ ᠬᠢᠬᠦ ᠪᠠ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠬᠤ ᠶᠢ ᠤᠶᠠᠯᠳᠤᠭᠤᠯᠬᠤ ᠠᠷᠭ᠎ᠠ ᠮᠠᠶ᠋ᠢᠭ ᠢᠶᠠᠷ ᠶᠠᠪᠤᠭᠳᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠲᠡᠦᠬᠡ  ᠪᠠ ᠣᠷᠣᠨ ᠨᠤᠲᠤᠭ ᠤᠨ ᠣᠶᠢᠯᠠᠯᠭ᠎ᠠ ᠶᠢᠨ ᠰᠤᠳᠤᠯᠭᠠᠨ ᠤ ᠲᠠᠰᠤᠭ ᠤᠨ ᠫᠷᠤᠹᠧᠰᠰᠤᠷ ᠯᠢ ᠬᠤᠩ ︽ᠨᠠᠮ ᠤᠨ ᠰᠢᠨ᠎ᠡ ᠶᠢ ᠡᠭᠦᠳᠦᠭᠰᠡᠨ ᠤᠨᠤᠯ ᠢᠶᠠᠷ ᠵᠡᠪᠰᠡᠭᠯᠡᠬᠦ ᠶᠢ ᠴᠢᠩᠭᠠᠳᠬᠠᠵᠤ ᠰᠢᠨ᠎ᠡ ᠠᠶᠠᠨ ᠳᠤ ᠡᠷᠡᠮᠡᠬᠡᠶᠢᠯᠡᠨ ᠤᠷᠤᠭᠰᠢᠯᠠᠬᠤ ᠪᠠᠷ ᠰᠡᠳᠬᠢᠯ ᠢᠶᠠᠨ ᠨᠢᠭᠡᠳᠬᠡᠨ ᠬᠦᠴᠦᠨ ᠢᠶᠠᠨ ᠨᠢᠭᠲᠠᠷᠠᠭᠤᠯᠤᠶ᠎ᠠ︾ ᠭᠡᠬᠦ ᠰᠡᠳᠦᠪ ᠢᠶᠠᠷ ᠲᠤᠰᠬᠠᠢ ᠰᠡᠳᠦᠪᠲᠦ ᠬᠠᠪᠰᠤᠷᠤᠨ ᠵᠢᠯᠣᠭᠤᠳᠤᠯᠭ᠎ᠠ ᠬᠢᠪᠡ︔ ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠵᠣᠣ ᠸᠧᠢ ᠶᠡᠷᠦᠩᠬᠡᠢ ᠱᠦᠵᠢ ᠰᠢ ᠶᠢᠨ ᠫᠢᠩ ᠤᠨ ᠭᠤᠣᠯ ᠰᠡᠳᠦᠪᠲᠦ ᠬᠥᠮᠦᠵᠢᠯ ᠤᠨ ᠠᠵᠢᠯ ᠤᠨ ᠬᠤᠷᠠᠯ ᠳᠡᠭᠡᠷᠡᠬᠢ ᠴᠢᠬᠤᠯᠠ ᠶᠠᠷᠢᠶ᠎ᠠ ᠶᠢᠨ ᠲᠣᠭᠤᠷᠢᠨ ᠳᠤ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠭᠤᠣᠯ ᠰᠡᠳᠦᠪᠲᠦ ᠬᠥᠮᠦᠵᠢᠯ ᠤᠨ ᠨᠢᠭᠡᠳᠦᠭᠡᠷ ᠪᠦᠯᠦᠭ ᠤᠨ ᠳ᠋ᠦᠩᠨᠡᠯᠲᠡ ᠵᠢᠴᠢ ᠬᠤᠶᠠᠳᠤᠭᠠᠷ ᠪᠦᠯᠦᠭ ᠤᠨ ᠪᠠᠶᠢᠷᠢᠯᠠᠭᠤᠯᠤᠯᠲᠠ ᠶᠢᠨ ᠬᠤᠷᠠᠯ ᠤᠨ ᠱᠠᠭᠠᠷᠳᠠᠯᠭ᠎ᠠ ᠶᠣᠰᠣᠭᠠᠷ  ᠰᠤᠷᠤᠯᠴᠠᠯᠭ᠎ᠠ ᠶᠢ ᠵᠢᠯᠤᠭᠤᠳᠴᠤ᠂ ᠬᠤᠲᠠ ᠶᠢᠨ ᠨᠠᠮ ᠤᠨ ᠬᠤᠷᠢᠶ᠎ᠠ ᠶᠢᠨ ᠬᠤᠶᠠᠳᠤᠭᠠᠷ ᠪᠦᠯᠦᠭ ᠤᠨ ᠭᠤᠣᠯ ᠰᠡᠳᠦᠪᠲᠦ ᠬᠥᠮᠦᠵᠢᠯ ᠤᠨ ︽ᠠᠵᠢᠯ ᠤᠨ ᠲᠥᠰᠥᠯ︾ ᠪᠠ ᠰᠢᠶᠠᠨ ᠤ ᠨᠠᠮ ᠤᠨ ᠬᠤᠷᠢᠶ᠎ᠠ ᠶᠢᠨ ︽ᠠᠵᠢᠯ ᠤᠨ ᠲᠥᠰᠥᠯ︾ ᠳᠤ ᠲᠠᠶᠢᠯᠤᠮᠵᠢ ᠬᠢᠪᠡ᠃ ᠡᠨᠡ ᠬᠤᠭᠤᠴᠠᠭᠠᠨ ᠳᠤ᠂ ᠬᠤᠷᠠᠯ ᠳᠤ ᠣᠷᠣᠯᠴᠠᠭᠰᠠᠳ ᠰᠡᠳᠬᠢᠯ ᠲᠠᠯᠪᠢᠨ ᠤᠭ ᠵᠣᠬᠢᠶᠠᠯ ᠢ ᠤᠩᠰᠢᠵᠤ᠂ ᠤᠭ ᠵᠣᠬᠢᠶᠠᠯ ᠢ ᠰᠤᠷᠤᠯᠴᠠᠵᠤ᠂ ᠤᠭ ᠶᠣᠰᠣ ᠶᠢ ᠤᠬᠠᠪᠤᠷᠢᠯᠠᠨ᠂ ︽ᠰᠢ ᠶᠢᠨ ᠫᠢᠩ ᠤᠨ ᠵᠣᠬᠢᠶᠠᠯ  ᠪᠦᠲᠦᠭᠡᠯ ᠤᠨ ᠰᠣᠩᠭᠤᠮᠠᠯ︾᠂ ︽ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠲᠤᠰᠬᠠᠢ ᠰᠡᠳᠦᠪᠲᠦ ᠲᠡᠭᠦᠪᠦᠷᠢ︾ ᠵᠡᠷᠭᠡ ᠰᠤᠷᠤᠯᠴᠠᠬᠤ  ᠮᠠᠲ᠋ᠧᠷᠢᠶᠠᠯ ᠢ ᠭᠤᠣᠯᠳᠠᠯᠭ᠎ᠠ ᠲᠠᠢ ᠰᠤᠳᠤᠯᠤᠨ ᠤᠩᠰᠢᠵᠤ᠂ ᠡᠨᠡᠬᠦ ᠰᠠᠭᠤᠷᠢᠨ ᠳᠡᠭᠡᠷ᠎ᠡ᠂ ᠰᠢ ᠶᠢᠨ ᠫᠢᠩ ᠤᠨ ᠠᠵᠤ ᠠᠬᠤᠢ ᠶᠢᠨ ᠦᠵᠡᠯ ᠰᠠᠨᠠᠭ᠎ᠠ ᠪᠠ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢᠨ ᠲᠣᠭᠤᠷᠢᠨ ᠳᠤ᠂ ᠥᠪᠡᠷ ᠥᠪᠡᠷ ᠤᠨ ᠦᠵᠡᠯ ᠰᠠᠨᠠᠭ᠎ᠠ ᠪᠠ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃ ᠬᠡᠰᠡᠭ ᠨᠥᠬᠦᠳ ᠥᠪᠡᠷ ᠥᠪᠡᠷ ᠤᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠰᠠᠨᠠᠯ ᠢᠶᠠᠨ ᠰᠣᠯᠢᠯᠴᠠᠬᠤ ᠦᠭᠡ ᠬᠡᠯᠡᠪᠡ᠃ ᠲᠦᠪᠯᠡᠷᠡᠩᠭᠦᠢ ᠰᠤᠷᠤᠯᠴᠠᠵᠤ ᠰᠤᠳᠤᠯᠤᠨ ᠶᠠᠷᠢᠯᠴᠠᠬᠤ ᠪᠠᠷ ᠳᠠᠮᠵᠢᠨ᠂ ᠤᠯᠠᠨ ᠢᠶᠠᠷ ᠢᠶᠠᠨ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠢᠨᠵᠢᠯᠡᠬᠦ ᠤᠬᠠᠭᠠᠨᠴᠢ ᠰᠢᠰᠲ᠋ᠧᠮᠵᠢ᠂ ᠭᠤᠣᠯ ᠴᠢᠬᠤᠯᠠ ᠠᠭᠤᠯᠭ᠎ᠠ ᠪᠠ ᠦᠢᠯᠡᠳᠦᠯᠭᠡ ᠶᠢᠨ ᠱᠠᠭᠠᠷᠳᠠᠯᠭ᠎ᠠ ᠶᠢᠨ ᠲᠤᠬᠠᠢ ᠨᠡᠩ ᠭᠦᠨᠵᠡᠭᠡᠢ ᠡᠵᠡᠮᠰᠢᠵᠦ᠂ ᠡᠨᠡᠬᠦ ᠴᠢᠬᠤᠯᠠ ᠦᠵᠡᠯ ᠰᠠᠨᠠᠭᠠᠨ ᠤ ᠶᠢᠷᠲᠢᠨᠴᠦ ᠶᠢᠨ ᠦᠵᠡᠯᠲᠡ ᠪᠠ ᠠᠷᠭ᠎ᠠ ᠶᠢᠨ ᠤᠨᠤᠯ ᠤᠨ ᠲᠤᠬᠠᠢ ᠨᠡᠩ ᠭᠦᠨᠵᠡᠭᠡᠢ ᠣᠶᠢᠯᠠᠭᠠᠯᠲᠠ ᠲᠠᠢ ᠪᠣᠯᠵᠤ᠂ ︽ᠬᠤᠶᠠᠷ ᠢ ᠲᠤᠭᠲᠠᠭᠠᠭᠰᠠᠨ︾ ᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠦᠵᠡᠯ ᠰᠠᠨᠠᠭᠠᠨ ᠤ ᠰᠠᠭᠤᠷᠢ ᠪᠠᠨ ᠤᠯᠠᠮ ᠨᠢᠭᠡ ᠠᠯᠬᠤᠮ ᠪᠠᠲᠤᠳᠬᠠᠪᠠ᠃      ᠤᠯᠠᠨ ᠢᠶᠠᠷ ᠢᠶᠠᠨ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢᠨ ︽ᠥᠪᠥᠷ ᠮᠣᠩᠭᠤᠯ ᠤᠨ ᠬᠠᠭᠤᠳᠠᠰᠤ︾᠂ ︽ᠦᠨᠳᠦᠰᠦᠲᠡᠨ ᠤ ᠬᠠᠭᠤᠳᠠᠰᠤ︾ ᠶᠢ ᠴᠢᠬᠤᠯᠠ ᠠᠭᠤᠯᠭ᠎ᠠ ᠪᠣᠯᠭᠠᠨ ᠰᠤᠷᠤᠯᠴᠠᠨ ᠣᠶᠢᠯᠠᠭᠠᠵᠤ ᠨᠡᠪᠲᠡᠷᠡᠲᠡᠯ᠎ᠡ  ᠮᠡᠳᠡᠵᠦ᠂ ᠬᠠᠮᠠᠭᠠᠯᠠᠬᠤ᠂ ᠬᠥᠭᠵᠢᠭᠦᠯᠬᠦ᠂ ᠴᠢᠨᠡᠭᠡᠯᠢᠭᠵᠢᠭᠦᠯᠬᠦ ᠭᠤᠷᠪᠠᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ︽ᠲᠦᠷᠪᠡᠨ ᠠᠵᠤ ᠦᠢᠯᠡᠰ ᠤᠨ ᠰᠠᠭᠤᠷᠢᠨ︾ ᠢ ᠪᠦᠬᠦ ᠬᠦᠴᠦᠨ ᠢᠶᠠᠷ ᠢᠶᠠᠨ ᠪᠠᠶᠢᠭᠤᠯᠵᠤ᠂ ᠠᠵᠤ ᠦᠢᠯᠡᠰ ᠢᠶᠠᠷ ᠰᠢᠶᠠᠨ ᠤ ᠬᠡᠪᠴᠢᠶᠡᠨ ᠤ ᠠᠵᠤ ᠠᠬᠤᠢ ᠶᠢᠨ ᠪᠣᠳᠠᠲᠤ ᠬᠦᠴᠦᠨ ᠢ ᠬᠥᠭᠵᠢᠭᠦᠯᠦᠨ ᠪᠤᠵᠠᠭᠠᠶᠢᠷᠠᠭᠤᠯᠵᠤ᠂ ᠦᠴᠦᠸᠠᠨ ᠰᠢᠶᠠᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ ᠭᠡᠵᠦ ᠢᠯᠡᠷᠬᠡᠶᠢᠯᠡᠵᠡᠭᠡᠪᠡ᠃      ᠢᠷᠡᠯᠲᠡ᠄ ᠬᠦᠬᠡᠬᠤᠲᠠ ᠶᠢᠨ ᠡᠳᠦᠷ ᠤᠨ ᠰᠣᠨᠢᠨ
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ