ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ
ᠨᠡᠶᠢᠲᠡᠯᠡᠭᠰᠡᠨ ᠴᠠᠭ᠄
2023/9/26
                        ᠪᠣᠣ ᠭᠠᠩ ᠬᠤᠷᠠᠯ ᠢ ᠡᠷᠬᠢᠯᠡᠪᠡ      ︵ᠰᠤᠷᠪᠤᠯᠵᠢᠯᠠᠭᠴᠢ ᠶᠦᠨ ᠵᠢᠩ︶ 9 ᠳ᠋ᠤᠭᠡᠷ ᠰᠠᠷ᠎ᠠ ᠶᠢᠨ 25 ᠤ ᠡᠳᠦᠷ᠂ ᠬᠤᠳᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠵᠢᠭᠠᠪᠤᠷᠢ᠂ ᠴᠢᠬᠤᠯᠠ ᠵᠣᠬᠢᠶᠠᠯ ᠪᠠ ᠬᠠᠮᠢᠶ᠎ᠠ ᠪᠦᠬᠦᠢ ᠪᠠᠶᠠᠷ ᠤᠨ ᠵᠠᠬᠢᠳᠠᠯ᠂ ᠬᠠᠷᠢᠭᠤ ᠵᠠᠬᠢᠳᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠪᠦᠦ ᠭᠠᠩ ᠬᠤᠷᠠᠯ ᠢ ᠡᠷᠬᠢᠯᠡᠪᠡ᠃      ᠬᠤᠷᠠᠯ ᠠᠴᠠ ᠴᠢᠬᠤᠯᠠᠴᠢᠯᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠠᠯᠪᠠᠨ ᠲᠢᠩᠬᠢᠮ ᠤᠨ ᠠᠵᠢᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠪᠦᠬᠦ ᠤᠯᠤᠰ ᠤᠨ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ ᠨᠠᠷ ᠤᠨ ᠬᠤᠷᠠᠯ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠤᠯᠤᠰ ᠲᠦᠷᠦ ᠶᠢᠨ ᠦᠨᠡᠨᠴᠢ ᠰᠢᠳᠤᠷᠭᠤ ᠶᠢ ᠪᠠᠲᠤᠳᠬᠠᠵᠤ᠂ ᠬᠠᠷᠢᠭᠤᠴᠠᠯᠭ᠎ᠠ ᠡᠭᠦᠷᠭᠡᠯᠡᠨ ᠠᠵᠢᠯ ᠬᠢᠬᠦ ᠶᠢ ᠴᠢᠩᠭᠠᠳᠬᠠᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂ ᠣᠳᠣᠬᠢᠴᠢᠯᠠᠭᠰᠠᠨ ᠣᠷᠣᠨ ᠪᠦᠰᠡ ᠶᠢᠨ ᠲᠥᠪ ᠬᠤᠳᠠ ᠶᠢ ᠪᠦᠲᠦᠭᠡᠨ ᠪᠠᠶᠢᠭᠤᠯᠬᠤ ᠳᠤᠮᠳᠠ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ᠂ ᠵᠥᠪᠯᠡᠭᠴᠢ ᠬᠠᠪᠰᠤᠷᠤᠭᠴᠢ᠂ ᠰᠢᠮᠳᠠᠭᠤᠯᠤᠨ ᠪᠠᠶᠢᠴᠠᠭᠠᠬᠤ᠂ ᠦᠢᠯᠡᠴᠢᠯᠡᠭᠡᠨ ᠤ ᠪᠠᠲᠤᠯᠠᠭ᠎ᠠ ᠶᠢᠨ ᠦᠢᠯᠡᠳᠦᠯ ᠢ ᠰᠠᠶᠢᠲᠤᠷ ᠪᠠᠳᠠᠷᠠᠭᠤᠯᠬᠤ ᠬᠡᠷᠡᠭᠲᠡᠢ᠃ ︽ᠭᠤᠷᠪᠠ ᠳᠤ ᠦᠢᠯᠡᠴᠢᠯᠡᠬᠦ︾ ᠠᠵᠢᠯ ᠤᠨ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ︽ᠭᠤᠷᠪᠠᠨ ᠤᠯᠠᠨ ᠭᠤᠷᠪᠠᠨ ᠴᠥᠭᠡᠨ ᠭᠤᠷᠪᠠᠨ ᠤᠳᠠᠭᠠᠨ︾ ᠤ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ︽ᠲᠦᠷᠭᠡᠨ᠂ ᠯᠠᠪᠳᠠᠭᠤᠨ᠂ ᠴᠢᠩᠭ᠎ᠠ᠂ ᠣᠨᠣᠪᠴᠢᠲᠠᠢ᠂ ᠨᠠᠷᠢᠯᠢᠭ᠂ ᠪᠣᠳᠠᠲᠠᠢ︾ ᠠᠵᠢᠯ ᠤᠨ ᠰᠤᠷᠲᠠᠯ ᠢ ᠦᠨᠡᠨᠬᠦ ᠪᠤᠢ ᠪᠣᠯᠭᠠᠵᠤ᠂ ᠨᠠᠮ ᠢ ᠰᠠᠨᠠᠭ᠎ᠠ ᠠᠮᠤᠷ ᠪᠠᠶᠢᠯᠭᠠᠬᠤ᠂ ᠠᠷᠠᠳ ᠲᠦᠮᠡᠨ ᠢ ᠰᠡᠳᠬᠢᠯ ᠬᠠᠨᠤᠮᠵᠢᠲᠠᠢ ᠪᠣᠯᠭᠠᠬᠤ ᠵᠢᠱᠢᠶᠡᠴᠢ ᠪᠠᠶᠢᠭᠤᠯᠭ᠎ᠠ ᠶᠢ ᠪᠠᠶᠢᠭᠤᠯᠬᠤ ᠬᠡᠷᠡᠭᠲᠡᠢ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ ᠶᠢ ᠠᠬᠢᠭᠤᠯᠬᠤ ᠲᠤᠬᠠᠢ ᠦᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ︽ᠵᠢᠷᠭᠤᠭᠠᠨ ᠶᠡᠭᠡ ᠠᠵᠤ ᠦᠢᠯᠡᠰ ᠤᠨ ᠪᠦᠭᠡᠮᠨᠡᠷᠡᠯ︾ ᠢ ᠦᠷᠭᠦᠯᠵᠢᠯᠡᠨ ᠬᠦᠴᠦᠷᠬᠡᠭᠵᠢᠭᠦᠯᠵᠦ᠂ ᠠᠵᠤ ᠦᠢᠯᠡᠰ ᠤᠨ ᠳᠡᠭᠡᠳᠦ ᠲᠡᠰᠴᠢᠯᠡᠬᠦ᠂ ᠤᠶᠤᠨᠴᠢᠯᠠᠬᠤ᠂ ᠪᠣᠬᠢᠷᠲᠤᠯ ᠦᠭᠡᠢ ᠪᠣᠯᠬᠤ ᠲᠡᠰᠢ ᠲᠠᠰᠤᠷᠠᠯᠳᠡ ᠦᠭᠡᠢ ᠤᠷᠤᠭᠰᠢᠯᠠᠬᠤ ᠶᠢ ᠠᠬᠢᠭᠤᠯᠬᠤ ᠬᠡᠷᠡᠭᠲᠡᠢ᠃ ᠣᠷᠣᠨ ᠤ ᠲᠥᠪ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠢᠷᠡᠭᠡᠳᠦᠢ ᠶᠢᠨ ᠠᠵᠤ ᠦᠢᠯᠡᠰ ᠢ ᠡᠷᠲᠡ ᠠᠴᠠ ᠪᠠᠶᠢᠷᠢᠰᠢᠭᠤᠯᠵᠤ᠂ ᠴᠠᠬᠢᠮ ᠢᠯᠳᠠᠰᠤ ᠦᠢᠯᠡᠳᠬᠦ᠂ ᠵᠣᠬᠢᠶᠠᠮᠠᠯ ᠤᠶᠤᠨ᠂ ᠤᠰᠤᠲᠥ᠋ᠷᠥᠭᠴᠢ ᠡᠨᠧᠷᠭᠢ ᠬᠠᠳᠠᠭᠠᠯᠠᠬᠤ ᠵᠡᠷᠭᠡ ᠠᠵᠤ ᠦᠢᠯᠡᠰ ᠤᠨ ᠬᠥᠭᠵᠢᠯᠲᠡ ᠶᠢ ᠲᠦᠷᠭᠡᠳᠬᠡᠨ ᠠᠬᠢᠭᠤᠯᠵᠤ᠂ ᠠᠵᠤ ᠦᠢᠯᠡᠰ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠰᠢᠨ᠎ᠡ ᠶᠢ ᠡᠭᠦᠳᠬᠦ ᠴᠢᠳᠠᠪᠤᠷᠢ ᠶᠢ ᠳᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ᠃ ᠬᠦᠷᠢᠶᠡᠯᠡᠩ ᠲᠣᠭᠤᠷᠢᠭ ᠤᠨ ᠭᠤᠣᠯ ᠪᠠᠶᠢᠯᠳᠤᠭᠠᠨ ᠤ ᠲᠠᠯᠠᠪᠤᠷ ᠤᠨ ᠪᠠᠶᠢᠷᠢ ᠰᠠᠭᠤᠷᠢ ᠶᠢ ᠲᠤᠪᠤᠶᠢᠯᠭᠠᠵᠦ᠂ ᠴᠢᠬᠤᠯᠠ ᠬᠦᠴᠦᠨ ᠵᠦᠢᠯ ᠤᠨ ᠪᠠᠲᠤᠯᠠᠭ᠎ᠠ ᠶᠢ ᠴᠢᠩᠭᠠᠳᠬᠠᠵᠤ᠂ ᠬᠢᠨᠠᠨ ᠰᠢᠯᠭᠠᠬᠤ ᠲᠣᠭᠲᠠᠴᠠ ᠶᠢ ᠰᠠᠶᠢᠲᠤᠷ ᠬᠡᠷᠡᠭᠯᠡᠵᠦ᠂ ᠬᠦᠷᠢᠶᠡᠯᠡᠩ ᠲᠣᠭᠤᠷᠢᠭ ᠤᠨ ᠭᠤᠣᠯᠳᠠᠯᠭ᠎ᠠ ᠲᠠᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠪᠣᠯᠣᠨ ᠣᠨᠴᠠᠯᠢᠭᠲᠤ ᠠᠵᠤ ᠦᠢᠯᠡᠰ ᠢ ᠰᠢᠯᠢᠳᠡᠭᠵᠢᠭᠦᠯᠦᠨ ᠬᠦᠴᠦᠷᠬᠡᠭᠵᠢᠭᠦᠯᠬᠦ ᠶᠢ ᠲᠦᠷᠭᠡᠳᠬᠡᠨ ᠠᠬᠢᠭᠤᠯᠬᠤ ᠬᠡᠷᠡᠭᠲᠡᠢ ᠭᠡᠵᠡᠢ᠃      ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠲᠤᠰᠬᠠᠢ ᠲᠣᠭᠤᠷᠢᠨ ᠪᠠᠶᠢᠴᠠᠭᠠᠯᠲᠠ ᠶᠢᠨ ᠬᠠᠮᠢᠶ᠎ᠠ ᠪᠦᠬᠦᠢ ᠱᠠᠭᠠᠷᠳᠠᠯᠭ᠎ᠠ ᠶᠢ ᠤᠯᠠᠮᠵᠢᠯᠠᠨ ᠰᠤᠷᠤᠯᠴᠠᠵᠤ᠂ ᠲᠣᠭᠤᠷᠢᠨ ᠪᠠᠶᠢᠴᠠᠭᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠪᠦᠬᠦ ᠬᠦᠴᠦᠨ ᠢᠶᠠᠷ ᠢᠶᠠᠨ ᠬᠠᠮᠵᠢᠯᠴᠠᠵᠤ᠂ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠶᠣᠰᠤᠭᠠᠷ  ᠨᠠᠶᠢᠳᠠᠪᠤᠷᠢᠵᠢᠭᠤᠯᠬᠤ ᠬᠡᠷᠡᠭᠲᠡᠢ᠃ ᠡᠯ᠎ᠡ ᠱᠠᠲᠤᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠠᠶᠤᠯᠭᠦᠢ ᠦᠢᠯᠡᠳᠪᠦᠷᠢᠯᠡᠯ ᠤᠨ ᠶᠡᠷᠦᠩᠬᠡᠢ ᠬᠠᠷᠢᠭᠤᠴᠠᠯᠭ᠎ᠠ ᠶᠢ ᠡᠭᠦᠷᠭᠡᠯᠡᠵᠦ᠂ ᠠᠶᠤᠯᠭᠦᠢ ᠦᠢᠯᠡᠳᠪᠦᠷᠢᠯᠡᠯ ᠤᠨ ᠠᠵᠢᠯ ᠢ ᠵᠣᠬᠢᠶᠠᠨ ᠪᠠᠶᠢᠭᠤᠯᠤᠨ ᠤᠳᠤᠷᠢᠳᠬᠤ ᠪᠠᠨ ᠦᠨᠡᠨᠬᠦ ᠴᠢᠩᠭᠠᠳᠬᠠᠬᠤ ᠬᠡᠷᠡᠭᠲᠡᠢ᠃ ︽ᠭᠤᠷᠪᠠ ᠶᠢ ᠬᠠᠮᠢᠶᠠᠷᠴᠤ ᠭᠤᠷᠪᠠᠨ ᠡᠷᠬᠡᠪᠰᠢ︾ ᠶᠢᠨ ᠵᠠᠷᠴᠢᠮ ᠢ ᠪᠠᠷᠢᠮᠲᠠᠯᠠᠵᠤ᠂ ᠰᠠᠯᠠᠭ᠎ᠠ ᠮᠥᠴᠢᠷ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠴᠢᠩᠭᠠᠳᠬᠠᠵᠤ᠂ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠠᠬᠢᠵᠢᠭᠦᠯᠵᠦ᠂ ᠴᠢᠩᠭ᠎ᠠ ᠠᠳᠬᠤᠬᠤ ᠶᠢ ᠲᠡᠷᠢᠭᠦᠨ ᠳᠤ ᠲᠠᠯᠪᠢᠵᠤ᠂ ᠴᠥᠬᠦᠷᠡᠰᠢ ᠦᠭᠡᠢ ᠪᠠᠶᠢᠩᠭᠤ ᠠᠳᠬᠤᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠪᠠᠰᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠯᠪᠠᠨ ᠲᠢᠩᠬᠢᠮ ᠤᠨ ︽ᠰᠤᠮᠤ ᠰᠢᠶᠠᠩ ᠪᠠᠯᠭᠠᠰᠤᠨ ᠤ ᠺᠠᠳ᠋ᠷ ᠢ ᠬᠠᠯᠠᠮᠵᠢᠯᠠᠨ ᠬᠠᠶᠢᠷᠠᠯᠠᠬᠤ ᠲᠤᠬᠠᠢ ᠠᠷᠭ᠎ᠠ ᠬᠡᠮᠵᠢᠶ᠎ᠡ ᠨᠦᠭᠦᠳ︾ ᠢ ᠤᠯᠠᠮᠵᠢᠯᠠᠨ ᠰᠤᠷᠤᠯᠴᠠᠵᠤ᠂ ᠰᠢᠶᠠᠩ ᠪᠠᠯᠭᠠᠰᠤᠨ ᠤ ᠺᠠᠳ᠋ᠷ ᠲᠤ ᠠᠵᠢᠯ ᠤᠨ ᠳᠡᠮᠵᠢᠯᠭᠡ᠂ ᠤᠯᠤᠰ ᠲᠦᠷᠦ ᠶᠢᠨ ᠵᠣᠷᠢᠭᠵᠢᠭᠤᠯᠤᠯ᠂ ᠬᠦᠮᠦᠡᠯᠢᠭ ᠤᠨ ᠬᠠᠯᠠᠮᠵᠢᠯᠠᠯ ᠤᠨ ᠲᠠᠯ᠎ᠠ ᠪᠠᠷ ᠦᠨᠡᠨ ᠪᠣᠳᠠᠲᠠᠢ ᠬᠠᠶᠢᠷ᠎ᠠ ᠬᠠᠯᠠᠮᠵᠢ  ᠬᠦᠷᠲᠡᠭᠡᠵᠦ᠂ ᠲᠦᠷᠦ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠥᠷᠭᠡᠨ ᠤᠯᠠᠨ ᠦᠨᠳᠦᠰᠦᠨ ᠱᠠᠲᠤᠨ ᠤ ᠺᠠᠳ᠋ᠷ ᠤᠨ ᠵᠣᠷᠢᠭᠲᠠᠢ ᠠᠵᠢᠯᠯᠠᠬᠤ᠂ ᠴᠢᠳᠠᠮᠠᠭᠠᠢ ᠠᠵᠢᠯᠯᠠᠬᠤ᠂ ᠦᠢᠯᠡᠰ ᠪᠦᠲᠦᠭᠡᠬᠦ ᠶᠢ ᠤᠯᠠᠮ ᠴᠢᠨᠠᠭᠰᠢᠳᠠ ᠵᠣᠷᠢᠭᠵᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠮᠠᠨ ᠤ ᠬᠤᠳᠠ ᠶᠢᠨ ᠪᠠᠶᠠᠷ ᠤᠨ ᠡᠳᠦᠷ ᠤᠨ ᠬᠤᠭᠤᠴᠠᠭᠠᠨ ᠳᠠᠬᠢ ᠵᠠᠬ᠎ᠠ ᠳᠡᠯᠭᠡᠭᠦᠷ ᠤᠨ ᠬᠠᠩᠭᠠᠯᠭ᠎ᠠ ᠪᠠ ᠨᠡᠶᠢᠭᠡᠮ ᠤᠨ ᠠᠮᠤᠷ ᠲᠦᠪᠰᠢᠨ ᠤ ᠪᠠᠲᠤᠯᠠᠭ᠎ᠠ ᠶᠢᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠡᠯ᠎ᠡ ᠭᠠᠵᠠᠷ ᠣᠷᠣᠨ ᠪᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠪᠠᠲᠤᠯᠠᠬᠤ ᠠᠵᠢᠯ ᠢ ᠰᠠᠶᠢᠲᠤᠷ ᠠᠳᠬᠤᠵᠤ᠂ ᠦᠢᠯᠡᠳᠬᠦᠨ ᠤ ᠬᠠᠩᠭᠠᠯᠭ᠎ᠠ ᠶᠢ ᠪᠠᠶᠠᠯᠢᠭᠵᠢᠭᠤᠯᠵᠤ᠂ ᠢᠳᠡᠭᠡᠨ ᠤ ᠠᠮᠤᠷ ᠲᠦᠪᠰᠢᠨ ᠪᠠ ᠵᠠᠬ᠎ᠠ ᠳᠡᠯᠭᠡᠭᠦᠷ ᠤᠨ ᠦᠨ᠎ᠡ ᠬᠠᠩᠰᠢ ᠶᠢᠨ ᠬᠢᠨᠠᠯᠲᠠ ᠬᠠᠮᠢᠶᠠᠷᠤᠯᠲᠠ ᠶᠢᠨ ᠡᠷᠴᠢᠮ ᠢ ᠴᠢᠩᠭᠠᠷᠠᠭᠤᠯᠵᠤ᠂ ᠵᠠᠬ᠎ᠠ ᠳᠡᠯᠭᠡᠭᠦᠷ ᠤᠨ ᠦᠨ᠎ᠡ ᠲᠣᠭᠲᠠᠭᠤᠨ ᠡᠳ᠋ ᠲᠠᠸᠠᠷ ᠡᠯᠪᠡᠭ ᠪᠠᠶᠢᠬᠤ ᠶᠢ ᠪᠠᠲᠤᠯᠠᠬᠤ ᠬᠡᠷᠡᠭᠲᠡᠢ᠃ ᠰᠣᠶᠣᠯ ᠵᠢᠭᠤᠯᠴᠢᠯᠠᠯ᠂ ᠠᠷᠠᠯᠵᠢᠶ᠎ᠠ ᠬᠤᠳᠠᠯᠳᠤᠭ᠎ᠠ ᠵᠡᠷᠭᠡ ᠭᠤᠣᠯᠳᠠᠯᠭ᠎ᠠ ᠲᠠᠢ ᠬᠦᠷᠢᠶ᠎ᠡ ᠶᠢᠨ ᠲᠣᠭᠤᠷᠢᠨ ᠳᠤ᠂ ᠠᠷᠠᠳ ᠲᠤ ᠠᠰᠢᠭ ᠬᠦᠷᠲᠡᠭᠡᠵᠦ ᠬᠡᠷᠡᠭᠯᠡᠭᠡ ᠶᠢ ᠠᠬᠢᠭᠤᠯᠬᠤ ᠠᠵᠢᠯᠯᠠᠭ᠎ᠠ ᠶᠢ ᠢᠳᠡᠪᠬᠢᠲᠡᠢ ᠲᠦᠰᠦᠪᠯᠡᠨ ᠥᠷᠨᠢᠭᠦᠯᠵᠦ᠂ ᠬᠡᠷᠡᠭᠯᠡᠭᠡ ᠶᠢᠨ ᠳᠠᠯᠳᠠ ᠬᠦᠴᠦᠨ ᠢ ᠪᠠᠳᠠᠷᠠᠭᠤᠯᠵᠤ᠂ ᠣᠷᠣᠨ ᠪᠦᠰᠡ ᠶᠢᠨ ᠤᠳᠤ ᠦᠶ᠎ᠡ ᠶᠢᠨ ᠬᠡᠷᠡᠭᠯᠡᠭᠡ ᠶᠢᠨ ᠲᠥᠪ ᠤᠨ ᠠᠮᠢᠵᠢᠷᠠᠯ ᠤᠨ ᠬᠦᠴᠦᠨ ᠢ ᠬᠥᠭᠵᠢᠭᠡᠬᠦ ᠬᠡᠷᠡᠭᠲᠡᠢ᠃ ᠭᠤᠣᠯᠳᠠᠯᠭ᠎ᠠ ᠲᠠᠢ ᠲᠠᠯᠠᠪᠤᠷ ᠭᠠᠵᠠᠷ ᠪᠠ ᠭᠤᠣᠯᠳᠠᠯᠭ᠎ᠠ ᠲᠠᠢ ᠬᠦᠷᠢᠶᠡᠨ ᠤ ᠠᠮᠤᠷ ᠲᠦᠪᠰᠢᠨ ᠤ ᠬᠡᠮ ᠰᠣᠭᠤᠭ ᠢ ᠪᠠᠶᠢᠴᠠᠭᠠᠨ ᠴᠡᠭᠴᠡᠯᠡᠬᠦ ᠶᠢ ᠴᠢᠩᠭᠠᠳᠬᠠᠵᠤ᠂ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ᠃ ᠵᠢᠵᠢᠭᠦᠷᠯᠡᠵᠦ ᠰᠠᠬᠢᠬᠤ ᠠᠵᠢᠯ ᠢ ᠰᠠᠶᠢᠲᠤᠷ ᠬᠢᠵᠦ᠂ ᠪᠠᠶᠠᠷ ᠤᠨ ᠡᠳᠦᠷ ᠤᠨ ᠬᠤᠭᠤᠴᠠᠭᠠᠨ ᠳᠠᠬᠢ ᠡᠯ᠎ᠡ ᠵᠦᠢᠯ ᠤᠨ ᠠᠵᠢᠯ ᠤᠨ ᠡᠮᠬᠢ ᠵᠢᠷᠤᠮ ᠲᠠᠢ ᠶᠠᠪᠤᠭᠳᠠᠬᠤ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃      ᠬᠤᠷᠠᠯ ᠠᠴᠠ ᠪᠠᠰᠠ ᠳᠤᠯᠠᠭᠠᠯᠠᠭ᠎ᠠ ᠶᠢᠨ ᠪᠡᠯᠡᠳᠬᠡᠯ ᠠᠵᠢᠯ ᠢ ᠰᠠᠶᠢᠲᠤᠷ ᠬᠢᠬᠦ ᠲᠤᠬᠠᠢ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠭᠰᠡᠨ ᠪᠥᠭᠡᠳ ᠪᠤᠰᠤᠳ ᠵᠦᠢᠯᠡᠰ ᠢ ᠰᠤᠳᠤᠯᠵᠠᠢ᠃      ᠢᠷᠡᠯᠲᠡ᠄ ᠬᠦᠬᠡᠬᠤᠲᠠ ᠶᠢᠨ ᠡᠳᠦᠷ ᠤᠨ ᠰᠣᠨᠢᠨ
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ