ᠬᠥᠬᠡᠬᠤᠲᠠ ᠶᠢᠨ ᠳᠥᠷᠪᠡᠳᠦᠭᠡᠷ ᠬᠤᠭᠤᠴᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ ᠡᠬᠢᠯᠡᠪᠡ
ᠨᠡᠶᠢᠲᠡᠯᠡᠭᠰᠡᠨ ᠴᠠᠭ᠄
2023/9/27
         ᠡᠾᠧ ᠬᠠᠢ ᠳ᠋ᠦᠩ ᠡᠬᠢᠯᠡᠯᠲᠡ ᠶᠢᠨ ᠶᠣᠰᠣᠯᠠᠯ ᠳᠤ ᠣᠷᠣᠯᠴᠠᠭᠰᠠᠨ ᠪᠥᠭᠡᠳ ᠲᠤᠰ ᠬᠤᠭᠤᠴᠠᠭᠠᠨ ᠤ ᠬᠤᠳᠠ ᠶᠢᠨ ᠪᠡᠶ᠎ᠡ ᠶᠢᠨ ᠲᠠᠮᠢᠷ ᠤᠨ ᠴᠤᠭᠯᠠᠭᠠᠨ ᠡᠬᠢᠯᠡᠭᠰᠡᠨ ᠢ ᠵᠠᠷᠯᠠᠪᠠ      ︵ᠰᠤᠷᠪᠤᠯᠵᠢᠯᠠᠭᠴᠢ ᠮᠢᠶᠣᠣ ᠰᠢᠨ︶ 9 ᠳ᠋ᠤᠭᠡᠷ ᠰᠠᠷ᠎ᠠ ᠶᠢᠨ 26 ᠤ ᠦᠳᠡ ᠶᠢᠨ ᠡᠮᠦᠨ᠎ᠡ᠂ ᠬᠥᠬᠡᠬᠤᠲᠠ ᠶᠢᠨ ᠳᠥᠷᠪᠡᠳᠦᠭᠡᠷ ᠬᠤᠭᠤᠴᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ ᠤ ᠡᠬᠢᠯᠡᠯᠲᠡ ᠶᠢᠨ ᠶᠣᠰᠣᠯᠠᠯ ᠬᠥᠬᠡᠬᠤᠲᠠ ᠶᠢᠨ ᠪᠡᠶ᠎ᠡ ᠶᠢᠨ ᠲᠠᠮᠢᠷ ᠤᠨ ᠲᠠᠯᠠᠪᠤᠷ ᠲᠤ ᠶᠠᠪᠤᠭᠳᠠᠪᠠ᠃      ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ ᠾᠧ ᠬᠠᠢ ᠳ᠋ᠦᠩ ᠬᠥᠬᠡᠬᠤᠲᠠ ᠶᠢᠨ ᠳᠥᠷᠪᠡᠳᠦᠭᠡᠷ ᠬᠤᠭᠤᠴᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ ᠡᠬᠢᠯᠡᠭᠰᠡᠨ ᠢ ᠵᠠᠷᠯᠠᠵᠤ᠂ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠳᠡᠳ᠋ ᠳᠠᠷᠤᠭ᠎ᠠ ᠯᠢᠦ ᠬᠤ᠋ ᠴᠧᠩ ᠪᠠᠶᠠᠷ ᠤᠨ ᠦᠭᠡ ᠬᠡᠯᠡᠵᠦ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠵᠠᠩ ᠵᠢᠢ ᠹᠧᠢ ᠡᠬᠢᠯᠡᠯᠲᠡ ᠶᠢᠨ ᠶᠣᠰᠤᠯᠠᠯ ᠢ ᠡᠷᠭᠢᠯᠡᠪᠡ᠃      ᠡᠬᠢᠯᠡᠯᠲᠡ ᠶᠢᠨ ᠶᠣᠰᠣᠯᠠᠯ ᠳᠡᠭᠡᠷ᠎ᠡ᠂ ᠤᠯᠤᠰ ᠤᠨ ᠲᠤᠭ ᠤᠨ ᠵᠢᠭᠰᠠᠭᠠᠯ ᠤᠨ ᠡᠩᠨᠡᠭᠡ᠂ ᠴᠤᠭᠯᠠᠭᠠᠨ ᠤ ᠰᠦᠯᠳᠡ ᠴᠤᠭᠯᠠᠭᠠᠨ ᠤ ᠲᠤᠭ ᠤᠨ ᠵᠢᠭᠰᠠᠭᠠᠯ ᠤᠨ ᠡᠩᠨᠡᠭᠡ᠂ ᠥᠩᠭᠡᠲᠦ ᠲᠤᠭ ᠤᠨ ᠵᠢᠭᠰᠠᠭᠠᠯ ᠤᠨ ᠡᠩᠨᠡᠭᠡ᠂  ᠬᠢᠨᠠᠭᠴᠢᠳ ᠤᠨ ᠵᠢᠭᠰᠠᠭᠠᠯ ᠤᠨ ᠡᠩᠨᠡᠭᠡ ᠪᠠ ᠲᠠᠮᠢᠷᠴᠢᠳ ᠤᠨ ᠲᠥᠯᠥᠭᠡᠯᠡᠭᠴᠢᠳ ᠤᠨ ᠪᠦᠯᠬᠦᠮ ᠳᠠᠷᠠᠭᠠᠯᠠᠨ ᠲᠠᠯᠠᠪᠠᠢ ᠳᠤ ᠣᠷᠣᠵᠤ᠂ ᠮᠠᠨ ᠤ ᠬᠤᠲᠠ ᠶᠢᠨ ᠡᠯ᠎ᠡ ᠠᠵᠢᠯ ᠲᠦᠷᠦᠯ ᠤᠨ ᠠᠵᠢᠯᠳᠠᠨ ᠠᠵᠢᠯᠴᠢᠳ ᠤᠨ ᠴᠤᠭ ᠵᠢᠪᠬᠤᠭ᠎ᠠ ᠪᠠ ᠤᠶᠤᠨ ᠰᠠᠨᠠᠭᠠᠨ ᠤ ᠳᠦᠷᠰᠦ ᠪᠠᠶᠢᠳᠠᠯ ᠢ ᠭᠦᠢᠴᠡᠳ ᠬᠠᠷᠠᠭᠤᠯᠵᠠᠢ᠃ ᠳᠠᠷᠠᠭᠠᠪᠠᠷ ᠨᠢ ᠶᠠᠪᠤᠭᠳᠠᠭᠰᠠᠨ ᠲᠣᠮᠣ ᠬᠡᠯᠪᠡᠷᠢ ᠶᠢᠨ ᠰᠣᠶᠣᠯ ᠲᠠᠮᠢᠷ ᠤᠨ ᠲᠣᠭᠯᠠᠯᠲᠠ ᠨᠢ ᠲᠤᠬᠠᠢ ᠶᠢᠨ ᠲᠠᠯᠠᠪᠤᠷ ᠤᠨ ᠠᠭᠤᠷ ᠠᠮᠢᠰᠬᠤᠯ ᠢ ᠨᠡᠩ ᠬᠦᠷ ᠬᠥᠭᠵᠢᠶᠡᠨ ᠲᠠᠢ ᠪᠣᠯᠭᠠᠵᠠᠢ       ᠣᠶᠢᠯᠠᠭᠠᠭᠰᠠᠨ ᠢᠶᠠᠷ᠂ ᠲᠣᠰ ᠤᠳᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ ᠨᠢ ᠡᠨᠡ ᠵᠢᠯ ᠤᠨ ᠪᠥᠬᠦ ᠬᠤᠲᠠ ᠶᠢᠨ ᠬᠡᠪᠴᠢᠶᠡᠨ ᠤ ᠣᠷᠣᠯᠴᠠᠭᠰᠠᠨ ᠬᠥᠮᠥᠨ ᠤ ᠲᠤᠭ᠎ᠠ ᠪᠠᠷ ᠬᠠᠮᠤᠭ ᠤᠨ ᠣᠯᠠᠨ᠂ ᠤᠷᠤᠯᠳᠤᠭᠠᠨ ᠤ ᠲᠦᠷᠦᠯ ᠵᠦᠢᠯ ᠤᠨ ᠲᠣᠬᠢᠷᠠᠭᠤᠯᠤᠯᠲᠠ ᠬᠠᠮᠤᠭ ᠤᠨ ᠪᠠᠶᠠᠯᠢᠭ᠂ ᠨᠥᠯᠥᠭᠡᠯᠡᠬᠦ ᠬᠦᠴᠦᠨ ᠢᠶᠠᠷ ᠬᠠᠮᠤᠭ ᠤᠨ ᠥᠷᠭᠡᠨ ᠶᠡᠷᠦᠩᠬᠡᠶᠢᠯᠡᠭᠰᠡᠨ ᠴᠢᠨᠠᠷᠲᠠᠢ ᠲᠣᠮᠣ ᠬᠡᠯᠪᠡᠷᠢ ᠶᠢᠨ ᠪᠡᠶ᠎ᠡ ᠶᠢᠨ ᠲᠠᠮᠢᠷ ᠤᠨ ᠦᠪᠡᠳᠡᠭᠰᠢ ᠴᠤᠭᠯᠠᠭᠠᠨ ᠪᠠᠶᠢᠵᠤ᠂ ᠮᠠᠨ ᠤ ᠬᠤᠲᠠ ᠶᠢᠨ ᠪᠡᠶ᠎ᠡ ᠶᠢᠨ ᠲᠠᠮᠢᠷ ᠤᠨ ᠠᠵᠢᠯ ᠤᠨ ᠡᠯ᠎ᠡ ᠬᠦᠷᠢᠶᠡᠨ ᠳᠠᠬᠢ ᠬᠥᠭᠵᠢᠯᠲᠡ ᠰᠢᠨ᠎ᠡ ᠳᠡᠭᠲᠡᠷ ᠲᠤ ᠭᠠᠷᠤᠭᠰᠠᠨ ᠢ ᠬᠠᠷᠠᠭᠤᠯᠵᠤ ᠪᠠᠶᠢᠨ᠎ᠠ᠃      ᠲᠤᠰ ᠬᠤᠭᠤᠴᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ ᠤ ᠡᠯᠧᠺᠲᠷᠣᠨ ᠤ ᠤᠷᠤᠯᠳᠤᠭᠠᠨ᠂ ᠬᠤᠲᠠ ᠶᠢᠨ ᠴᠢᠭᠯᠡᠯ ᠲᠣᠭᠲᠠᠭᠠᠬᠤ᠂ ᠬᠠᠭᠤᠷᠠᠢ ᠭᠠᠵᠠᠷ ᠤᠨ ᠮᠥᠰᠥᠨ ᠳᠡᠪᠦᠷ᠎ᠡ᠂ ᠥᠳᠥᠨ ᠪᠥᠮᠪᠦᠭᠡ᠂ ᠫᠢᠩᠫᠠᠩ ᠪᠥᠮᠪᠦᠭᠡ᠂ ᠪᠤᠤᠯᠢᠩ ᠪᠥᠮᠪᠦᠭᠡ᠂ ᠲᠣᠣᠷ ᠪᠥᠮᠪᠦᠭᠡ᠂  ᠨᠢᠳᠤᠷᠭᠠᠨ ᠡᠷᠲᠡᠮ᠂ ᠯᠠᠶᠢᠰᠧᠷ ᠫᠤᠤ ᠶᠢᠨ ᠬᠠᠷᠪᠤᠯᠲᠠ᠂ ᠲᠠᠶᠧᠺᠤᠨᠳᠤ᠋᠂ ᠬᠡᠶᠢᠲᠦ ᠠᠯᠠᠭᠠᠳᠠᠬᠤ ᠪᠥᠮᠪᠦᠭᠡ᠂ ᠬᠥᠯ ᠪᠥᠮᠪᠦᠭᠡ᠂ ᠰᠠᠭᠰᠤᠨ ᠪᠥᠮᠪᠦᠭᠡ ᠪᠠ ᠠᠵᠢᠯ ᠤᠨ ᠴᠢᠯᠦᠭᠡᠨ ᠤ ᠲᠠᠮᠢᠷ ᠵᠡᠷᠭᠡ 14 ᠳᠠᠩ ᠲᠦᠷᠦᠯ ᠤᠨ ᠤᠷᠤᠯᠳᠤᠭᠠᠨ ᠢ ᠤᠷᠢᠳᠴᠢᠯᠠᠨ ᠶᠠᠪᠤᠭᠳᠠᠭᠤᠯᠤᠭᠰᠠᠨ ᠪᠠᠶᠢᠨ᠎ᠠ᠃ ᠢᠷᠡᠬᠦ 3 ᠡᠳᠦᠷ ᠲᠤ ᠬᠦᠨᠳᠦ ᠬᠥᠩᠭᠡᠨ ᠪᠡᠶ᠎ᠡ ᠶᠢᠨ ᠲᠠᠮᠢᠷ ︵ᠳᠡᠭᠡᠰᠦ ᠲᠠᠲᠠᠬᠤ︶ ᠤᠨ ᠤᠷᠤᠯᠳᠤᠭᠠᠨ ᠢ ᠶᠠᠪᠤᠭᠳᠠᠭᠤᠯᠤᠨ᠎ᠠ᠃ ᠪᠥᠬᠦ ᠬᠤᠲᠠ ᠶᠢᠨ ᠡᠯ᠎ᠡ ᠬᠤᠰᠢᠭᠤ ᠰᠢᠶᠠᠨ ᠲᠣᠭᠤᠷᠢᠭ᠂ ᠡᠯ᠎ᠡ ᠵᠥᠪᠯᠡᠯ ᠠᠯᠪᠠᠨ ᠭᠡᠷ ᠲᠣᠪᠴᠢᠶ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ 28 ᠪᠦᠯᠬᠦᠮ᠂ 526 ᠲᠠᠮᠢᠷᠴᠢᠨ ᠤᠷᠤᠯᠳᠤᠭᠠᠨ ᠳᠤ ᠣᠷᠣᠯᠴᠠᠵᠤ᠂ ᠪᠡᠶ᠎ᠡ ᠶᠢᠨ ᠲᠠᠮᠢᠷ ᠤᠨ ᠤᠷ᠎ᠠ ᠴᠢᠳᠠᠪᠤᠷᠢ ᠪᠠ ᠪᠡᠶ᠎ᠡ ᠶᠢᠨ ᠲᠠᠮᠢᠷ ᠤᠨ ᠴᠤᠭ ᠵᠢᠪᠬᠤᠭ᠎ᠠ ᠶᠢ ᠬᠠᠮᠲᠤᠪᠡᠷ ᠬᠠᠷᠠᠭᠤᠯᠬᠤ ᠪᠣᠯᠤᠨ᠎ᠠ᠃      ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ᠂ ᠬᠤᠲᠠ ᠶᠢᠨ ᠠᠵᠢᠯᠴᠢᠨ ᠤ ᠶᠡᠷᠦᠩᠬᠡᠢ ᠡᠪᠯᠡᠯ ᠤᠨ ᠲᠡᠷᠢᠭᠦᠯᠡᠭᠴᠢ ᠶᠦᠨ ᠢᠦᠢ ᠮᠧᠶ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠸᠠᠩ ᠭᠦᠸᠧ ᠬᠤᠸᠠ᠂ ᠬᠥᠬᠡᠬᠤᠲᠠ ᠶᠢᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠲᠠᠯ᠎ᠠ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃      ᠢᠷᠡᠯᠲᠡ᠌᠄ ᠬᠦᠬᠡᠬᠣᠲᠠ ᠶᠢᠨ ᠡᠳᠦᠷ ᠦᠨ ᠰᠣᠨᠢᠨ
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ