ᠾᠧ ᠬᠠᠢ ᠳ᠋ᠦᠩ ᠪᠥᠬᠦ ᠬᠤᠲᠠ ᠶᠢᠨ ᠢᠯᠴᠢ ᠬᠠᠩᠭᠠᠬᠤ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2023/9/27
      ︵ᠰᠤᠷᠪᠤᠯᠵᠢᠯᠠᠭᠴᠢ ᠯᠢᠶᠠᠩ ᠵᠢᠩ ᠱᠦ︶ 9 ᠳ᠋ᠤᠭᠡᠷ ᠰᠠᠷ᠎ᠠ ᠶᠢᠨ 26 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠾᠧ ᠬᠠᠢ ᠳ᠋ᠦᠩ ᠪᠥᠬᠦ ᠬᠤᠲᠠ ᠶᠢᠨ ᠢᠯᠴᠢ ᠬᠠᠩᠭᠠᠬᠤ ᠠᠵᠢᠯ ᠳᠤ ᠪᠠᠶᠢᠴᠠᠭᠠᠨ ᠰᠤᠳᠤᠯᠤᠯᠲᠠ ᠬᠢᠪᠡ᠃      ᠾᠧ ᠬᠠᠢ ᠳ᠋ᠦᠩ ᠤᠷᠢᠳ ᠬᠤᠵᠢᠳ ᠵᠢᠨᠱᠠᠨ ᠤ ᠢᠯᠴᠢ ᠴᠠᠬᠢᠯᠭᠠᠨ ᠤ ᠬᠤᠶᠠᠳᠤᠭᠠᠷ ᠬᠤᠭᠤᠴᠠᠭᠠᠨ ᠤ ᠲᠥᠷᠥᠯ ᠵᠦᠢᠯ᠂ ᠳ᠋ᠠ ᠲᠠᠩ ᠤᠨ ᠣᠷᠳᠣ ᠬᠤᠭᠤᠯᠠᠢ ᠪᠠᠷ ᠢᠯᠴᠢ ᠬᠠᠩᠭᠠᠬᠤ ᠲᠥᠷᠥᠯ ᠵᠦᠢᠯ᠂  ᠬᠤᠲᠤᠩ ᠠᠷᠠᠳ ᠤᠨ  ᠲᠣᠭᠤᠷᠢᠭ ᠤᠨ ᠴᠠᠩ ᠱᠧᠩ ᠲᠠᠢ ᠢᠯᠴᠢ ᠬᠠᠩᠭᠠᠬᠤ ᠥᠷᠲᠡᠭᠡᠨ ᠳᠤ ᠬᠦᠷᠴᠦ᠂ ᠬᠠᠮᠢᠶ᠎ᠠ ᠪᠦᠬᠦᠢ ᠬᠠᠷᠢᠭᠤᠴᠠᠯᠭᠠᠲᠠᠨ ᠤ ᠡᠪᠦᠯ ᠤᠨ ᠤᠯᠠᠷᠢᠯ ᠤᠨ ᠢᠯᠴᠢ ᠬᠠᠩᠭᠠᠬᠤ ᠪᠡᠯᠡᠳᠬᠡᠯ ᠠᠵᠢᠯ ᠤᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ᠂ ᠢᠯᠴᠢ ᠬᠠᠩᠭᠠᠬᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ᠂ ᠢᠯᠴᠢ ᠬᠠᠩᠭᠠᠬᠤ ᠲᠥᠬᠦᠭᠡᠷᠦᠮᠵᠢ ᠶᠢ ᠲᠠᠰ ᠳᠡᠪᠰᠢᠭᠦᠯᠦᠨ ᠥᠭᠡᠷᠡᠴᠢᠯᠡᠬᠦ᠂ ᠬᠤᠭᠤᠯᠠᠢ ᠶᠢᠨ ᠲᠣᠣᠷ ᠢ ᠪᠠᠶᠢᠴᠠᠭᠠᠨ ᠵᠠᠰᠠᠵᠤ ᠬᠠᠮᠠᠭᠠᠯᠠᠬᠤ ᠂ ᠢᠯᠴᠢ ᠬᠠᠩᠭᠠᠬᠤ ᠲᠣᠣᠷ ᠤᠨ ᠰᠢᠰᠲ᠋ᠧᠮ ᠤᠨ ᠠᠵᠢᠯᠯᠠᠭᠠᠨ ᠵᠡᠷᠭᠡ ᠪᠠᠶᠢᠳᠠᠯ ᠢ ᠨᠠᠷᠢᠨ ᠨᠢᠮᠪᠠᠢ ᠠᠰᠠᠭᠤᠨ ᠯᠠᠪᠯᠠᠵᠤ᠂ ᠢᠯᠴᠢ ᠬᠠᠩᠭᠠᠬᠤ ᠲᠠᠯᠠᠪᠠᠶ᠂ ᠢᠯᠴᠢ ᠬᠠᠩᠭᠠᠬᠤ ᠴᠢᠳᠠᠪᠤᠷᠢ᠂ ᠬᠡᠷᠡᠭᠯᠡᠭᠴᠢ ᠶᠢᠨ ᠲᠤᠭ᠎ᠠ ᠬᠡᠮᠵᠢᠶ᠎ᠡ᠂ ᠲᠦᠯᠡᠰᠢ ᠶᠢᠨ ᠨᠥᠭᠡᠴᠡ᠂ ᠪᠠᠴᠢᠮ ᠪᠠᠶᠢᠳᠠᠯ ᠢ ᠠᠷᠭᠠᠴᠠᠬᠤ ᠪᠠᠲᠤᠯᠠᠭ᠎ᠠ᠂ ᠣᠷᠴᠢᠨ ᠲᠣᠭᠤᠷᠢᠨ ᠤ ᠬᠠᠮᠠᠭᠠᠯᠠᠯᠲᠠ ᠵᠢᠴᠢ ᠠᠶᠤᠯ ᠦᠭᠡᠢ ᠦᠢᠯᠡᠳᠪᠦᠷᠢᠯᠡᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠵᠡᠷᠭᠡ ᠪᠠᠶᠢᠳᠠᠯ ᠢ ᠨᠠᠷᠢᠨ ᠣᠶᠢᠯᠠᠭᠠᠪᠠ᠃      ᠾᠧ ᠬᠠᠢ ᠳ᠋ᠦᠩ ᠬᠡᠯᠡᠬᠦ ᠳᠡᠭᠡᠨ᠂ ᠢᠯᠴᠢ ᠬᠠᠩᠭᠠᠬᠤ ᠠᠵᠢᠯ ᠲᠦᠭ ᠲᠦᠮᠡᠨ ᠠᠶᠢᠯ ᠡᠷᠦᠬᠡ ᠳᠤ ᠬᠤᠯᠪᠣᠭᠳᠠᠵᠤ ᠪᠣᠢ᠂ ᠴᠢᠬᠤᠯᠠ ᠠᠷᠠᠳ ᠤᠨ ᠠᠮᠢᠳᠤᠷᠠᠯ ᠤᠨ ᠢᠨᠵᠧᠨᠧᠷᠢᠩ ᠶᠤᠮ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠪᠠ ᠠᠵᠢᠯ ᠲᠥᠷᠥᠯ ᠤᠨ ᠰᠠᠯᠠᠭ᠎ᠠ ᠮᠥᠴᠢᠷ ᠤᠨ ᠬᠢᠨᠠᠯᠲᠠ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠲᠣᠰ ᠲᠣᠰ ᠤᠨ ᠬᠠᠷᠢᠭᠤᠴᠠᠯᠭ᠎ᠠ ᠪᠠᠨ ᠭᠦᠢᠴᠡᠳᠬᠡᠨ᠂ ᠬᠠᠮᠵᠢᠯᠴᠠᠵᠤ ᠬᠤᠯᠪᠤᠭᠠᠯᠠᠨ ᠬᠥᠳᠡᠯᠦᠯᠴᠡᠵᠦ᠂ ᠲᠥᠬᠦᠭᠡᠷᠦᠮᠵᠢ ᠪᠡᠯᠡᠳᠬᠡᠮᠵᠢ ᠶᠢ ᠲᠠᠰ ᠳᠡᠪᠰᠢᠭᠦᠯᠦᠨ ᠥᠭᠡᠷᠡᠴᠢᠯᠡᠬᠦ᠂ ᠪᠠᠶᠢᠴᠠᠭᠠᠨ ᠵᠠᠰᠠᠵᠤ ᠬᠠᠮᠠᠭᠠᠯᠠᠬᠤ ᠪᠠ ᠲᠤᠷᠰᠢᠨ ᠠᠵᠢᠯᠯᠠᠭᠤᠯᠬᠤ ᠵᠡᠷᠭᠡ ᠡᠯ᠎ᠡ ᠵᠦᠢᠯ ᠤᠨ ᠪᠡᠯᠡᠳᠬᠡᠯ ᠠᠵᠢᠯ ᠢ ᠲᠦᠷᠭᠡᠳᠬᠡᠨ ᠰᠠᠶᠢᠲᠤᠷ ᠬᠢᠵᠦ᠂ ᠢᠯᠴᠢ ᠬᠠᠩᠭᠠᠬᠤ ᠰᠢᠰᠲ᠋ᠧᠮ ᠤᠨ ᠲᠣᠭᠲᠠᠭᠤᠨ ᠢᠶᠠᠷ ᠠᠵᠢᠯᠯᠠᠬᠤ ᠶᠢ ᠦᠨᠡᠨᠬᠦ ᠪᠠᠲᠤᠯᠠᠬᠤ ᠬᠡᠷᠡᠭᠲᠡᠢ᠃ ᠲᠦᠭᠰᠢᠭᠦᠷᠢ ᠶᠢᠨ ᠬᠡᠮ ᠰᠣᠭᠤᠭ ᠢ ᠪᠥᠬᠦ ᠲᠠᠯ᠎ᠠ ᠪᠠᠷ ᠲᠤᠶᠢᠯᠪᠤᠷᠢᠲᠠᠢ ᠵᠢᠭᠰᠠᠭᠠᠨ ᠪᠠᠶᠢᠴᠠᠭᠠᠵᠤ᠂ ᠬᠠᠭᠤᠴᠢᠨ ᠬᠤᠷᠢᠶᠠᠯᠠᠯ᠂ ᠥᠩᠭᠡᠷᠡᠭᠰᠡᠨ ᠵᠢᠯ ᠤᠳ ᠲᠤ ᠠᠰᠠᠭᠤᠳᠠᠯ ᠨᠡᠯᠢᠶᠡᠳ ᠣᠯᠠᠨ ᠭᠠᠷᠤᠭᠰᠠᠨ ᠬᠤᠷᠢᠶᠠᠯᠠᠯ᠂ ᠠᠰᠠᠷ ᠤᠨ ᠳᠣᠲᠣᠷᠠᠬᠢ ᠢᠯᠴᠢ ᠬᠠᠩᠭᠠᠬᠤ ᠪᠡᠯᠡᠳᠬᠡᠮᠵᠢ ᠵᠡᠷᠭᠡ ᠵᠠᠩᠭᠢᠯᠠᠭ᠎ᠠ ᠶᠢᠨ ᠬᠡᠰᠡᠭ ᠢ ᠨᠢᠭᠲᠠ ᠠᠩᠬᠠᠷᠴᠤ᠂ ᠡᠷᠦᠬᠡ ᠳᠤ ᠣᠷᠤᠵᠤ ᠵᠢᠭᠰᠠᠭᠠᠨ ᠪᠠᠶᠢᠴᠠᠭᠠᠬᠤ ᠶᠢ ᠪᠥᠬᠦ ᠲᠠᠯ᠎ᠠ ᠪᠠᠷ ᠥᠷᠨᠢᠭᠦᠯᠵᠦ᠂ ᠬᠡᠮ ᠰᠣᠭᠤᠭ ᠤᠨ ᠠᠰᠠᠭᠤᠳᠠᠯ ᠢ ᠤᠷᠢᠳᠴᠢᠯᠠᠨ ᠢᠯᠡᠷᠡᠭᠦᠯᠵᠦ᠂ ᠤᠷᠢᠳᠴᠢᠯᠠᠨ ᠰᠢᠢᠳᠪᠦᠷᠢᠯᠡᠬᠦ ᠶᠢ ᠠᠬᠢᠭᠤᠯᠬᠤ ᠬᠡᠷᠡᠭᠲᠡᠢ᠃ ᠦᠢᠯᠡᠴᠢᠯᠡᠭᠡᠨ ᠤ ᠴᠢᠳᠠᠪᠤᠷᠢ ᠪᠠᠨ ᠳᠡᠭᠡᠭᠰᠢᠯᠡᠭᠦᠯᠵᠦ᠂ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠤᠲᠠᠰᠤ ᠶᠢ ᠰᠠᠭᠠᠳ ᠦᠭᠡᠢ ᠨᠠᠪᠲᠠᠷᠡᠭᠦᠯᠵᠦ᠂ ᠣᠯᠠᠨ ᠲᠦᠮᠡᠨ ᠤ ᠬᠤᠯᠪᠣᠭᠳᠠᠯ ᠪᠦᠬᠦᠢ ᠬᠦᠰᠡᠯ ᠱᠠᠭᠠᠷᠳᠠᠯᠭ᠎ᠠ ᠳᠤ ᠴᠠᠭ ᠲᠤᠬᠠᠢ ᠳᠤᠨᠢ ᠬᠠᠷᠢᠭᠤ ᠥᠭᠬᠦ ᠪᠠ ᠰᠢᠢᠳᠪᠦᠷᠢᠯᠡᠵᠦ᠂ ᠰᠡᠳᠬᠢᠯ ᠲᠠᠯᠪᠢᠨ᠂ ᠬᠠᠶᠢᠷ᠎ᠠ ᠰᠡᠳᠬᠢᠯᠭᠡ ᠲᠠᠢ ᠪᠠᠷ ᠰᠠᠶᠢᠳᠤᠷ ᠦᠢᠯᠡᠴᠢᠯᠡᠵᠦ᠂ ᠢᠯᠴᠢ ᠶᠢᠨ ᠬᠠᠩᠭᠠᠯᠭ᠎ᠠ ᠶᠢᠨ ᠳᠤᠯᠠᠭᠠᠨ ᠤ ᠬᠡᠮᠵᠢᠶ᠎ᠡ ᠪᠠᠷᠢᠮᠵᠢᠶ᠎ᠠ ᠳᠤ ᠬᠦᠷᠴᠦ᠂ ᠣᠯᠠᠨ ᠲᠦᠮᠡᠨ ᠰᠡᠳᠬᠢᠯ ᠬᠠᠨᠤᠮᠵᠢᠲᠠᠶ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ᠃ ᠲᠦᠯᠡᠰᠢᠨ ᠨᠡᠭᠦᠷᠡᠰᠦ ᠬᠤᠳᠠᠯᠳᠤᠨ ᠠᠪᠴᠤ ᠨᠥᠭᠡᠴᠡᠯᠡᠬᠦ ᠠᠵᠢᠯ ᠢ ᠰᠠᠶᠢᠲᠤᠷ ᠬᠢᠵᠦ᠂ ᠴᠡᠪᠡᠷ ᠡᠨᠧᠷᠭᠢ ᠶᠢ ᠳᠡᠯᠭᠡᠷᠡᠭᠦᠯᠦᠨ ᠬᠡᠷᠡᠭᠯᠡᠬᠦ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ᠃ ᠠᠶᠤᠯ  ᠦᠭᠡᠢ ᠦᠢᠯᠡᠳᠪᠦᠷᠢᠯᠡᠯ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠳᠤᠯᠠᠭᠠᠯᠭ᠎ᠠ ᠶᠢᠨ ᠲᠥᠬᠦᠭᠡᠷᠦᠮᠵᠢ ᠶᠢᠨ ᠡᠳᠦᠷ ᠲᠤᠳᠤᠮ ᠤᠨ ᠬᠠᠮᠢᠶᠠᠷᠤᠯᠲᠠ ᠪᠠ ᠬᠠᠮᠠᠭᠠᠯᠠᠯᠲᠠ ᠶᠢ ᠴᠢᠩᠭᠠᠳᠬᠠᠵᠤ᠂ ᠪᠦᠬᠦ ᠬᠤᠳᠠ ᠶᠢᠨ ᠳᠤᠯᠠᠭᠠᠯᠠᠭ᠎ᠠ ᠶᠢᠨ ᠰᠢᠰᠲ᠋ᠧᠮ ᠤᠨ ᠠᠮᠤᠷ ᠲᠦᠪᠰᠢᠨ ᠲᠣᠭᠲᠠᠭᠤᠨ ᠢᠶᠠᠷ ᠠᠵᠢᠯᠯᠠᠬᠤ ᠶᠢ ᠪᠠᠲᠤᠯᠠᠬᠤ ᠬᠡᠷᠡᠭᠲᠡᠢ ᠭᠡᠵᠡᠢ᠃      ᠬᠤᠲᠠ ᠶᠢᠨ ᠳᠡᠳ᠋ ᠳᠠᠷᠤᠭ᠎ᠠ ᠹᠦ᠋ ᠶᠢᠨ ᠽᠠᠢ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃      ᠢᠷᠡᠯᠲᠡ᠄ ᠬᠦᠬᠡᠬᠤᠲᠠ ᠶᠢᠨ ᠡᠳᠦᠷ ᠤᠨ ᠰᠣᠨᠢᠨ
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ