︵ᠰᠤᠷᠪᠤᠯᠵᠢᠯᠠᠭᠴᠢ ᠯᠢᠦᠢ ᠬᠤᠢ ᠱᠧᠩ︶ 9 ᠳ᠋ᠦ᠋ᠭᠡᠷ ᠰᠠᠷ᠎ᠠ ᠶᠢᠨ 26 ᠤ ᠡᠳᠦᠷ᠂ ᠬᠥᠬᠡᠬᠤᠲᠠ ᠶᠢᠨ ᠨᠢᠭᠡᠳᠦᠮᠡᠯ ᠹᠷᠣᠨᠲ ᠤᠨ ᠬᠢᠨ ᠠᠴᠠ | ᠶᠢᠰᠦᠳᠦᠭᠡᠷ ᠬᠤᠭᠤᠴᠠᠭᠠᠨ ᠤ ︽ᠲᠥᠪ ᠬᠤᠳᠠ ᠶᠢᠨ ᠰᠡᠳᠬᠢᠯ ᠢᠶᠠᠨ ᠨᠢᠭᠡᠳᠬᠡᠬᠦ ᠶᠡᠭᠡ ᠬᠢᠴᠢᠶᠡᠯ ᠤᠨ ᠲᠠᠩᠬᠢᠮ︾ ᠢ ᠡᠷᠬᠢᠯᠡᠵᠦ᠂ ᠪᠦᠬᠦ ᠬᠤᠳᠠ ᠶᠢᠨ ᠱᠠᠰᠢᠨ | ᠰᠤᠷᠲᠠᠬᠤᠨ ᠤ ᠠᠵᠢᠯ ᠤᠨ ᠺᠠᠳ᠋ᠷ᠂ ᠱᠠᠰᠢᠨ ᠰᠤᠷᠲᠠᠬᠤᠨ ᠤ ᠡᠲᠡᠭᠡᠳ ᠤᠨ ᠲᠥᠯᠥᠭᠡᠯᠡᠭᠴᠢ ᠬᠥᠮᠥᠰ᠂ ᠱᠠᠰᠢᠨ ᠰᠤᠷᠲᠠᠬᠤᠨ ᠤ ᠠᠵᠢᠯᠲᠠᠳ ᠢ ᠵᠣᠬᠢᠶᠠᠨ | ᠪᠠᠶᠢᠭᠤᠯᠤᠨ ᠲᠤᠰᠬᠠᠢ ᠰᠡᠳᠦᠪᠲᠦ ᠬᠠᠪᠰᠤᠷᠤᠨ ᠵᠢᠯᠣᠭᠤᠳᠤᠯᠭ᠎ᠠ ᠬᠢᠵᠡᠢ᠃ | ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠭᠧ ᡁᠢ ᠮᠢᠨ ᠣᠷᠣᠯᠴᠠᠪᠠ᠃ | ᠲᠣᠰ ᠤᠳᠠᠭᠠᠨ ᠤ ᠬᠢᠴᠢᠶᠡᠯ ᠤᠨ ᠲᠠᠩᠬᠢᠮ ᠳᠤ ᠵᠧᠵᠢᠶᠠᠩ ᠶᠡᠭᠡ ᠰᠤᠷᠭᠠᠭᠤᠯᠢ ᠶᠢᠨ ᠤᠯᠤᠰ ᠤᠨ ᠪᠠᠶᠢᠭᠤᠯᠤᠯ ᠤᠨ ᠰᠤᠳᠤᠯᠭᠠᠨ ᠤ ᠬᠦᠷᠢᠶᠡᠯᠡᠩ ᠤᠨ | ᠰᠤᠳᠤᠯᠤᠭᠴᠢ ᠱᠧᠨ ᠬᠦᠶ ᠫᠢᠩ ᠢ ᠲᠤᠰᠬᠠᠶᠢᠯᠠᠨ ᠤᠷᠢᠵᠤ ᠲᠤᠰᠬᠠᠢ ᠰᠡᠳᠦᠪᠲᠦ ᠬᠠᠪᠰᠤᠷᠤᠨ ᠵᠢᠯᠣᠭᠤᠳᠤᠯᠭ᠎ᠠ ᠬᠢᠯᠭᠡᠵᠦ᠂ ᠮᠠᠨ ᠤ ᠤᠯᠤᠰ ᠤᠨ ᠱᠠᠰᠢᠨ | ᠰᠤᠷᠲᠠᠬᠤᠨ ᠤ ᠳᠤᠮᠳᠠᠳᠤ ᠤᠯᠤᠰᠴᠢᠯᠠᠭᠰᠠᠨ ᠲᠡᠦᠬᠡᠨ ᠤᠯᠠᠮᠵᠢᠯᠠᠯ᠂ ᠣᠲᠣ ᠦᠶ᠎ᠡ ᠳᠤ ᠶᠠᠭᠤᠨ ᠤ ᠤᠴᠢᠷ ᠠᠴᠠ ᠱᠠᠰᠢᠨ ᠰᠤᠷᠲᠠᠬᠤᠨ ᠤ ᠳᠤᠮᠳᠠᠳᠤ | ᠤᠯᠤᠰᠴᠢᠯᠠᠭᠰᠠᠨ ᠴᠢᠭᠯᠡᠯ ᠢ ᠪᠠᠷᠢᠮᠲᠠᠯᠠᠬᠤ᠂ ᠮᠠᠨ ᠤ ᠤᠯᠤᠰ ᠤᠨ ᠱᠠᠰᠢᠨ ᠰᠤᠷᠲᠠᠬᠤᠨ ᠤ ᠳᠤᠮᠳᠠᠳᠤ ᠤᠯᠤᠰᠴᠢᠯᠠᠬᠤ ᠶᠢ ᠭᠦᠨᠵᠡᠭᠡᠢ ᠲᠦᠯᠬᠢᠨ ᠠᠬᠢᠭᠤᠯᠬᠤ | ᠭᠤᠷᠪᠠᠨ ᠲᠠᠯ᠎ᠠ ᠶᠢᠨ ᠠᠭᠤᠯᠭ᠎ᠠ ᠶᠢᠨ ᠲᠣᠭᠤᠷᠢᠨ ᠳᠤ ᠭᠤᠣᠯᠳᠠᠯᠭ᠎ᠠ ᠲᠠᠢ ᠪᠠᠷ ᠭᠦᠨᠵᠡᠭᠡᠢ ᠲᠠᠶᠢᠯᠪᠤᠷᠢ ᠬᠢᠪᠡ᠃ | ᠲᠤᠰ ᠤᠳᠠᠭ᠎ᠠ ᠶᠢᠨ ᠲᠠᠶᠢᠯᠤᠮᠵᠢ ᠪᠣᠯ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭᠠᠨ ᠤ ᠭᠤᠣᠯ ᠰᠡᠳᠦᠪᠲᠦ ᠬᠥᠮᠦᠵᠢᠯ ᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠴᠢᠬᠤᠯᠠ ᠠᠷᠭ᠎ᠠ ᠬᠡᠮᠵᠢᠶ᠎ᠡ ᠪᠣᠯᠣᠨ᠎ᠠ᠃ | |