ᠮᠠᠨ ᠤ ᠬᠤᠲᠠ ᠶᠢᠨ ᠵᠠᠬᠢᠳᠠᠯ ᠰᠤᠷᠪᠤᠯᠵᠢᠯᠠᠯ ᠤᠨ ᠣᠷᠣᠯᠠᠨ ᠭᠦᠢᠴᠡᠳᠬᠡᠬᠦ ᠠᠵᠢᠯ ᠣᠯᠠᠨ ᠲᠦᠮᠡᠨ ᠳᠤ ᠦᠢᠯᠡᠴᠢᠯᠡᠬᠦ ︽ᠡᠴᠦᠰ ᠤᠨ ᠨᠢᠭᠡ ᠺᠢᠯᠣᠮᠧᠲᠷ ︾ ᠢ ᠨᠡᠪᠲᠡᠷᠡᠭᠦᠯᠦᠯ᠎ᠡ
ᠨᠡᠶᠢᠲᠡᠯᠡᠭᠰᠡᠨ ᠴᠠᠭ᠄
2023/9/28
      ︵ᠰᠤᠷᠪᠤᠯᠵᠢᠯᠠᠭᠴᠢ ᠪᠤᠤ ᠢᠤᠢ ᠶᠢᠩ︶ ︽ᠣᠯᠠᠨ ᠲᠦᠮᠡᠨ ᠤ ︿ᠳᠡᠭᠡᠭᠰᠢ ᠰᠤᠷᠪᠤᠯᠵᠢᠯᠠᠬᠤ﹀ ᠶᠢ ᠣᠷᠣᠯᠠᠨ ᠭᠦᠢᠴᠡᠳᠬᠡᠭᠴᠢ ᠶᠢᠨ ︿ᠳᠣᠷᠣᠭᠰᠢ ᠰᠤᠷᠪᠤᠯᠵᠢᠯᠠᠬᠤ﹀ ᠪᠣᠯᠭᠠᠨ ᠬᠤᠪᠢᠷᠠᠭᠤᠯᠵᠤ᠂ ︿ᠵᠥᠷᠢᠴᠡᠯ ᠢ ᠰᠠᠨᠠᠭᠠᠴᠢᠯᠠᠭᠠᠳᠤ ᠪᠤᠰᠤ ᠪᠠᠷ ᠠᠷᠢᠯᠭᠠᠬᠤ﹀ ᠶᠢ ︿ᠠᠰᠠᠭᠤᠳᠠᠯ ᠢ ᠰᠠᠨᠠᠭᠠᠴᠢᠯᠠᠭ᠎ᠠ ᠠᠴᠠ ᠪᠠᠨ ᠰᠢᠢᠳᠪᠦᠷᠢᠯᠡᠬᠦ﹀ ᠪᠣᠯᠭᠠᠨ ᠬᠤᠪᠢᠷᠠᠭᠤᠯᠪᠠ︾᠃ ᠡᠨᠡ ᠵᠢᠯ ᠮᠠᠨ ᠤ ᠬᠤᠲᠠ ᠵᠠᠬᠢᠳᠠᠯ ᠰᠤᠷᠪᠤᠯᠵᠢᠯᠠᠯ ᠤᠨ ᠣᠷᠣᠯᠠᠨ ᠭᠦᠢᠴᠡᠳᠬᠡᠬᠦ ᠲᠦᠷᠢᠮ ᠢ ᠪᠥᠬᠦ ᠲᠠᠯ᠎ᠠ ᠪᠠᠷ ᠬᠡᠷᠡᠭᠵᠢᠭᠦᠯᠦᠭᠰᠡᠨ ᠠᠴᠠ ᠨᠠᠭᠠᠰᠢ᠂ ᠡᠯ᠎ᠡᠭᠠᠵᠠᠷ ᠤᠨ ᠬᠢᠨ ᠣᠷᠣᠯᠠᠨ ᠭᠦᠢᠴᠡᠳᠬᠡᠬᠦ ᠦᠢᠯᠡᠴᠢᠯᠡᠭᠡ ᠶᠢ ᠢᠳᠡᠪᠬᠢᠲᠡᠶ ᠥᠷᠨᠢᠭᠦᠯᠵᠦ᠂ ᠵᠠᠬᠢᠳᠠᠯ ᠰᠤᠷᠪᠤᠯᠵᠢᠯᠠᠯ ᠤᠨ ᠣᠯᠠᠨ ᠲᠦᠮᠡᠨ ᠳᠤ ᠦᠢᠯᠡᠴᠢᠯᠡᠬᠦ ︽ᠡᠴᠦᠰ ᠤᠨ ᠨᠢᠭᠡ ᠺᠢᠯᠣᠮᠧᠲᠷ︾ ᠢ ᠨᠡᠪᠲᠡᠷᠡᠭᠦᠯᠵᠦ᠂ ᠵᠠᠬᠢᠳᠠᠯ ᠰᠤᠷᠪᠤᠯᠵᠢᠯᠠᠯ ᠤᠨ ᠠᠰᠠᠭᠤᠳᠠᠯ ᠢ ᠡᠬᠢ ᠡᠭᠦᠰᠦᠯ ᠠᠴᠠ ᠨᠢ ᠵᠠᠰᠠᠬᠤ ᠴᠢᠬᠤᠯᠠ ᠠᠴᠢᠶᠠᠯᠠᠪᠤᠷᠢ ᠪᠣᠯᠭᠠᠪᠠ᠃      ᠣᠶᠢᠯᠠᠭᠠᠭᠰᠠᠨ ᠢᠶᠠᠷ᠂ ᠮᠠᠨ ᠤ ᠬᠤᠲᠠ ᠪᠦᠬᠦ ᠬᠤᠲᠠ ᠶᠢᠨ ᠬᠡᠪᠴᠢᠶᠡᠨ ᠳᠤ ᠵᠠᠬᠢᠳᠠᠯ ᠰᠤᠷᠪᠤᠯᠵᠢᠯᠠᠯ ᠤᠨ ᠣᠷᠣᠯᠠᠨ ᠭᠦᠢᠴᠡᠳᠭᠡᠬᠦ ᠶᠢ ᠬᠡᠷᠡᠭᠵᠢᠬᠦᠯᠵᠦ᠂ ᠲᠣᠰᠬᠤᠨ ︵ᠨᠡᠶᠢᠭᠡᠮ ᠲᠣᠭᠤᠷᠢᠭ︶᠂ ᠪᠠᠯᠭᠠᠰᠤ ︵ᠵᠡᠭᠡᠯᠢ ᠭᠤᠳᠤᠮᠵᠢ︶᠂ ᠲᠣᠭᠤᠷᠢᠭ ᠭᠤᠷᠪᠠᠨ ᠱᠠᠲᠤᠨ ᠤ ᠵᠠᠬᠢᠳᠠᠯ ᠰᠤᠷᠪᠤᠯᠵᠢᠯᠠᠯ ᠤᠨ ᠣᠷᠣᠯᠠᠨ ᠭᠦᠢᠴᠡᠳᠭᠡᠬᠦ ᠳᠦᠷᠢᠮ ᠢ ᠪᠠᠶᠢᠭᠤᠯᠵᠠᠢ᠃ ᠳᠠᠷᠤᠢ ᠲᠣᠰᠬᠤᠨ ︵ᠨᠡᠶᠢᠭᠡᠮ ᠲᠣᠭᠤᠷᠢᠭ︶ ᠤ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ ᠲᠥᠪ ᠪᠣᠯᠭᠠᠨ ᠳᠤ ᠵᠠᠬᠢᠳᠠᠯ ᠰᠤᠷᠪᠤᠯᠵᠢᠯᠠᠯ ᠤᠨ ᠣᠷᠣᠯᠠᠨ ᠭᠦᠢᠴᠡᠳᠭᠡᠬᠦ ᠴᠡᠭ ᠪᠠᠶᠢᠭᠤᠯᠵᠤ᠂ ᠪᠠᠯᠭᠠᠰᠤ ︵ᠵᠡᠭᠡᠯᠢ ᠭᠤᠳᠤᠮᠵᠢ︶ ᠨᠢ ᠶᠡᠷᠦᠩᠬᠡᠶᠢᠯᠡᠨ ᠵᠠᠰᠠᠬᠤ ᠠᠵᠢᠯ ᠤᠨ ᠲᠥᠪ ᠪᠤᠶᠤ ᠵᠢᠯᠣᠭᠤᠳᠬᠤ ᠲᠥᠪ ᠲᠤ ᠵᠠᠬᠢᠳᠠᠯ ᠰᠤᠷᠪᠤᠯᠵᠢᠯᠠᠯ ᠤᠨ ᠣᠷᠣᠯᠠᠨ ᠭᠦᠢᠴᠡᠳᠭᠡᠬᠦ ᠥᠷᠲᠡᠭᠡ ᠪᠠᠶᠢᠭᠤᠯᠵᠤ᠂ ᠲᠣᠭᠤᠷᠢᠭ ᠨᠢ ᠵᠠᠬᠢᠳᠠᠯ ᠰᠤᠷᠪᠤᠯᠵᠢᠯᠠᠯ ᠤᠨ ᠬᠠᠮᠲᠤᠷᠠᠭᠰᠠᠨ ᠬᠦᠯᠢᠶᠡᠨ ᠠᠪᠬᠤ ᠲᠥᠪ ᠲᠤ ᠵᠠᠬᠢᠳᠠᠯᠰᠤᠷᠪᠤᠯᠵᠢᠯᠠᠯ ᠤᠨ ᠣᠷᠣᠯᠠᠨ ᠭᠦᠢᠴᠡᠳᠭᠡᠬᠦ ᠲᠥᠪ ᠪᠠᠶᠢᠭᠤᠯᠵᠤ᠂ ᠣᠷᠣᠯᠠᠨ ᠭᠦᠢᠴᠡᠳᠭᠡᠭᠴᠢ ᠪᠠᠷ ᠳᠠᠮᠵᠢᠨ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠴᠠᠭ ᠲᠤᠬᠠᠢ ᠳᠤᠨᠢ ᠬᠦᠯᠢᠶᠡᠨ ᠠᠪᠴᠤ ᠰᠢᠢᠳᠪᠦᠷᠢᠯᠡᠬᠦ ᠪᠤᠯᠪᠠ᠃ ᠭᠤᠷᠪᠠᠨ ᠱᠠᠲᠤᠨ ᠤ ᠵᠠᠬᠢᠳᠠᠯ ᠰᠤᠷᠪᠤᠯᠵᠢᠯᠠᠯ ᠤᠨ ᠣᠷᠣᠯᠠᠨ ᠭᠦᠢᠴᠡᠳᠬᠡᠭᠴᠢ ᠨᠢ ᠵᠥᠷᠢᠴᠡᠯ ᠵᠠᠭᠤᠷᠠᠯᠳᠤᠭᠠᠨ ᠢ ᠰᠢᠢᠳᠪᠦᠷᠢᠯᠡᠬᠦ ᠳᠠᠭᠠᠭᠤᠯᠤᠭᠴᠢ ᠪᠣᠯᠵᠤ᠂ ᠲᠣᠰᠬᠤᠨ ᠡᠷᠦᠬᠡ ᠪᠠᠷ ᠭᠦᠨᠵᠡᠭᠡᠶᠢᠷᠡᠨ ᠬᠠᠷᠢᠶ᠎ᠠ ᠣᠷᠣᠨ ᠤ ᠳᠣᠲᠣᠷᠠᠬᠢ ᠵᠠᠬᠢᠳᠠᠯ ᠰᠤᠷᠪᠤᠯᠵᠢᠯᠠᠯ ᠤᠨ ᠠᠰᠠᠭᠤᠳᠠᠯ ᠪᠠ ᠵᠥᠷᠢᠴᠡᠯ ᠤᠨ ᠬᠡᠮ ᠰᠤᠭᠤᠭ ᠢ ᠣᠶᠢᠯᠠᠭᠠᠵᠤ᠂ ᠰᠠᠨᠠᠭᠠᠴᠢᠯᠠᠭ᠎ᠠ ᠠᠴᠠ ᠪᠠᠨ ᠣᠷᠣᠯᠠᠨ ᠭᠦᠢᠴᠡᠳᠬᠡᠵᠦ ᠬᠦᠴᠢᠷ ᠵᠣᠪᠠᠭᠤᠷᠢ ᠶᠢ ᠨᠢ ᠰᠢᠢᠳᠪᠦᠷᠢᠯᠡᠨ ᠥᠭᠴᠦ᠂ ᠲᠣᠰᠬᠤᠨ ︵ᠨᠡᠶᠢᠭᠡᠮ ᠲᠣᠭᠤᠷᠢᠭ︶ ᠤ ᠬᠡᠷ ᠳᠣᠲᠣᠷᠠᠬᠢ ᠶᠠᠪᠤᠳᠠᠯ ᠢ ᠬᠡᠷ ᠲᠡᠭᠡᠨ ᠭᠦᠢᠴᠡᠳᠬᠡᠬᠦ᠂ ᠬᠥᠷᠰᠢ ᠵᠡᠷᠭᠡᠯᠡᠳᠡᠭᠡ ᠶᠢᠨ ᠶᠠᠪᠤᠳᠠᠯ ᠢ ᠵᠥᠪᠳᠡᠯᠴᠡᠨ ᠭᠦᠢᠴᠡᠳᠬᠡᠬᠦ᠂ ᠠᠷᠠᠳ ᠤᠨ ᠠᠮᠢᠳᠤᠷᠠᠯ ᠤᠨ ᠦᠢᠯᠡᠴᠢᠯᠡᠭᠡᠨ ᠤ ᠶᠠᠪᠤᠳᠠᠯ ᠢ ᠬᠠᠪᠰᠤᠷᠤᠨ ᠭᠦᠢᠴᠡᠳᠬᠡᠬᠦ︾ ᠶᠢ ᠲᠠᠰᠤᠷᠠᠯᠲᠠ ᠥᠬᠡᠶ ᠠᠬᠢᠭᠤᠯᠤᠨ᠂ ᠰᠢᠶᠠᠩ ᠪᠠᠯᠭᠠᠰᠤ ︵ᠵᠡᠭᠡᠯᠢ ᠭᠤᠳᠤᠮᠵᠢ︶ ︽ᠬᠠᠪᠰᠤᠷᠤᠨ ᠲᠡᠳᠬᠦᠵᠦ ᠠᠪᠤᠷᠠᠨ ᠲᠤᠰᠠᠯᠠᠬᠤ ᠶᠢ ᠰᠠᠨᠠᠭᠠᠴᠢᠯᠠᠭ᠎ᠠ ᠠᠴᠠ ᠪᠠᠨ ᠭᠦᠢᠴᠡᠳᠬᠡᠬᠦ᠂ ᠨᠡᠶᠢᠭᠡᠮ ᠤᠨ ᠶᠠᠪᠤᠳᠠᠯ ᠢ ᠨᠢᠭᠡᠳᠦᠯᠲᠡᠶ ᠲᠥᠯᠥᠪᠯᠡᠨ ᠭᠦᠢᠴᠡᠳᠬᠡᠬᠦ︾ ᠶᠢ ᠪᠡᠶᠡᠯᠡᠭᠦᠯᠵᠦ᠂ ᠬᠤᠰᠢᠭᠤ ᠰᠢᠶᠠᠨ ᠲᠣᠭᠤᠷᠢᠭ ︽ᠭᠤᠣᠯᠳᠠᠯᠭ᠎ᠠ ᠲᠠᠢ ︵ᠬᠦᠴᠢᠷ ᠲᠦᠪᠡᠭᠲᠡᠶ︶  ᠵᠦᠢᠯᠡᠰ ᠢ ᠤᠳᠤᠷᠢᠳᠤᠨ ᠭᠦᠢᠴᠡᠳᠬᠡᠬᠦ︾ ᠶᠢ ᠪᠡᠶᠡᠯᠡᠭᠦᠯᠵᠠᠢ᠃      ᠣᠳᠣᠬᠠᠨ ᠳᠤ᠂ ᠮᠠᠨ ᠤ ᠬᠤᠲᠠ ᠶᠢᠨ ᠵᠠᠬᠢᠳᠠᠯ ᠰᠤᠷᠪᠤᠯᠵᠢᠯᠠᠯ ᠤᠨ ᠣᠷᠣᠯᠠᠨ ᠭᠦᠢᠴᠡᠳᠬᠡᠬᠦ ᠦᠢᠯᠡᠴᠢᠯᠡᠭᠡᠨ ᠤ ᠪᠠᠶᠢᠭᠤᠯᠤᠮᠵᠢ ᠳᠤ ᠨᠡᠶᠢᠲᠡ 1484 ᠬᠥᠮᠦᠨ ᠲᠠᠢ ᠪᠠᠶᠢᠵᠤ᠂ ᠵᠠᠬᠢᠳᠠᠯ ᠰᠤᠷᠪᠤᠯᠵᠢᠯᠠᠯ ᠤᠨ ᠣᠷᠣᠯᠠᠨ ᠭᠦᠢᠴᠡᠳᠬᠡᠬᠦ ᠲᠠᠪᠴᠠᠩ ᠢ ᠨᠡᠶᠢᠳᠡᠮ ᠪᠥᠷᠬᠦᠭᠦᠯᠵᠤ᠂ ᠨᠡᠶᠢᠲᠡ 3166 ᠬᠤᠪᠢ ᠵᠥᠷᠢᠴᠡᠯ ᠠᠰᠠᠭᠤᠳᠠᠯ ᠢ ᠵᠢᠭᠰᠠᠭᠠᠨ ᠪᠠᠶᠢᠴᠠᠭᠠᠵᠤ᠂ 2864 ᠬᠤᠪᠢ ᠵᠠᠬᠢᠳᠠᠯ ᠰᠤᠷᠪᠤᠯᠵᠢᠯᠠᠯ ᠤᠨ ᠵᠦᠢᠯᠡᠰ ᠢ ᠣᠷᠣᠯᠠᠨ ᠰᠢᠢᠳᠪᠦᠷᠢᠯᠡᠬᠦ ᠪᠠᠷ ᠬᠦᠯᠢᠶᠡᠨ ᠠᠪᠴᠤ᠂ ᠨᠢᠭᠡᠨᠳᠡ 2445 ᠬᠤᠪᠢ ᠶᠢ ᠨᠢ ᠰᠢᠢᠳᠪᠦᠷᠢᠯᠡᠵᠦ ᠲᠠᠭᠤᠰᠬᠠᠵᠠᠢ᠃      ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
ᠢᠷᠡᠯᠲᠡ᠄ ᠦᠪᠦᠷ ᠮᠤᠩᠭᠤᠯ ᠤᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ