ᠬᠥᠬᠡᠬᠤᠲᠠ ᠶᠢᠨ ᠠᠩᠬᠠᠳᠤᠭᠠᠷ ᠬᠤᠭᠤᠴᠠᠭᠠᠨ ᠤ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠦᠯᠢᠭᠡᠷ ᠢ ᠰᠠᠶᠢᠬᠠᠨ ᠶᠠᠷᠢᠭᠰᠠᠨ ᠦᠷ᠎ᠡ ᠪᠦᠲᠦᠭᠡᠯ ᠢ ᠳᠡᠯᠭᠡᠨ ᠦᠵᠡᠭᠦᠯᠬᠦ ᠠᠵᠢᠯᠯᠠᠭ᠎ᠠ ᠥᠨᠳᠥᠷᠯᠡᠪᠡ
ᠨᠡᠶᠢᠲᠡᠯᠡᠭᠰᠡᠨ ᠴᠠᠭ᠄
2023/9/28
      ︵ᠰᠤᠷᠪᠤᠯᠵᠢᠯᠠᠭᠴᠢ ᠴᠢ ᠰᠢᠶᠣᠣ ᠶᠠᠨ︶ 9 ᠳ᠋ᠦ᠋ᠭᠡᠷ ᠰᠠᠷ᠎ᠠ ᠶᠢᠨ 27 ᠤ ᠡᠳᠦᠷ᠂ ᠬᠥᠬᠡᠬᠤᠲᠠ ᠶᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ ᠠᠵᠢᠯ ᠤᠨ ᠲᠤᠰᠬᠠᠢ ᠠᠩᠭᠢ ᠠᠴᠠ ᠵᠢᠯᠣᠭᠤᠳᠴᠤ᠂ ᠬᠤᠳᠠ ᠶᠢᠨ ᠨᠠᠮ ᠤᠨ ᠬᠤᠷᠢᠶ᠎ᠠ ᠶᠢᠨ ᠨᠢᠭᠡᠳᠦᠮᠡᠯ ᠹᠷᠣᠨᠲ ᠤᠨ ᠬᠡᠯᠲᠡᠰ᠂ ᠬᠤᠳᠠ ᠶᠢᠨ ᠰᠤᠷᠭᠠᠨ ᠬᠥᠮᠦᠵᠢᠯ ᠤᠨ ᠲᠣᠪᠴᠢᠶ᠎ᠠ᠂ ᠬᠤᠳᠠ ᠶᠢᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠵᠡᠷᠭᠡ ᠰᠠᠯᠠᠭ᠎ᠠ ᠮᠥᠴᠢᠷ ᠠᠴᠠ ᠭᠤᠣᠯᠯᠠᠨ ᠡᠷᠬᠢᠯᠡᠵᠦ᠂ ᠰᠢᠨ᠎ᠡ ᠬᠤᠳᠠ ᠲᠣᠭᠤᠷᠢᠭ ᠤᠨ ᠨᠢᠭᠡᠳᠦᠭᠡᠷ ᠲᠤᠷᠰᠢᠯᠲᠠ ᠶᠢᠨ ᠪᠠᠭ᠎ᠠ ᠰᠤᠷᠭᠠᠭᠤᠯᠢ ᠠᠴᠠ ᠬᠠᠪᠰᠤᠷᠤᠨ ᠡᠷᠬᠢᠯᠡᠭᠰᠡᠡ ᠨᠤᠲᠤᠭ ᠤᠨ ᠲᠡᠦᠬᠡ ᠶᠢᠨ ᠳᠤᠷᠠᠰᠬᠠᠯᠲᠤ ᠵᠦᠢᠯᠡᠰ ᠢ ᠣᠷᠣᠯᠠᠨ ᠥᠭᠦᠯᠡᠵᠦ ᠦᠨᠳᠦᠰᠦᠲᠡᠨ ᠤ ᠪᠦᠯᠬᠦᠮᠳᠡᠯ ᠢ ᠬᠠᠮᠲᠤᠪᠠᠷ ᠳᠤᠷᠠᠰᠬᠤ ︱ ︽ᠰᠣᠨᠣᠰᠤᠭᠠᠴᠢ᠂ ᠲᠡᠦᠬᠡ ᠶᠠᠷᠢᠵᠤ ᠪᠠᠶᠢᠨ᠎ᠠ︾ ᠬᠥᠬᠡᠬᠤᠲᠠ ᠶᠢᠨ ᠠᠩᠬᠠᠳᠤᠭᠠᠷ ᠬᠤᠭᠤᠴᠠᠭᠠᠨ ᠤ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠦᠯᠢᠭᠡᠷ ᠢ ᠰᠠᠶᠢᠬᠠᠨ ᠶᠠᠷᠢᠭᠰᠠᠨ ᠦᠷ᠎ᠡ ᠪᠦᠲᠦᠭᠡᠯ ᠢ ᠳᠡᠯᠭᠡᠨ ᠦᠵᠡᠭᠦᠯᠬᠦ ᠠᠵᠢᠯᠯᠠᠭ᠎ᠠ ᠥᠨᠳᠥᠷᠯᠡᠪᠡ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠢᠭᠡᠳᠦᠮᠡᠯ ᠹᠷᠣᠨᠲ ᠤᠨ ᠬᠡᠯᠲᠡᠰ ᠤᠨ ᠳᠡᠳ᠋ ᠳᠠᠷᠤᠭ᠎ᠠ ᠰᠦᠨ ᡁᠢ ᠴᠢᠶᠠᠩ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠨᠢᠭᠡᠳᠦᠭᠡᠷ ᠳᠡᠰ ᠤᠨ ᠲᠣᠭᠤᠷᠢᠨ ᠪᠠᠶᠢᠴᠠᠭᠠᠭᠴᠢ ᠵᠢᠶᠠᠩ ᠠᠢ ᠵᠢᠶᠦ᠋ᠨ᠂ ᠥᠪᠡᠷᠲᠡᠭᠡᠨ ᠵᠠᠰᠠᠬᠤ ᠣᠷᠣᠨ ᠤ ᠡᠪᠯᠡᠯ ᠤᠨ ᠬᠤᠷᠢᠶ᠎ᠠ ᠶᠢᠨ ᠳᠡᠳ᠋ ᠱᠦᠵᠢ ᠯᠢᠦ ᠵᠢᠶᠠᠨ ᠬᠤᠢ ᠠᠵᠢᠯᠯᠠᠭ᠎ᠠ ᠳᠤ ᠣᠷᠣᠯᠴᠠᠪᠠ᠃      ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠭᠧ ᡁᠢ ᠮᠢᠨ᠂ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ᠂ ᠬᠤᠳᠠ ᠶᠢᠨ ᠠᠵᠢᠯᠴᠢᠨ ᠤ ᠶᠡᠷᠦᠩᠬᠡᠢ ᠡᠪᠯᠡᠯ ᠤᠨ ᠲᠡᠷᠢᠭᠦᠯᠡᠭᠴᠢ ᠶᠦᠨ ᠢᠦᠢ ᠮᠧᠢ ᠠᠵᠢᠯᠯᠠᠭ᠎ᠠ ᠳᠤ ᠣᠷᠣᠯᠴᠠᠪᠠ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ