︵ᠰᠤᠷᠪᠤᠯᠵᠢᠯᠠᠭᠴᠢ ᠸᠠᠩ ᠵᠦᠩ ᠵᠸᠦ︶ 9 ᠳ᠋ᠤᠭᠡᠷ ᠰᠠᠷ᠎ᠠ ᠶᠢᠨ 3 ᠤ ᠡᠳᠦᠷ᠂ ᠳᠤᠮᠳᠠᠳᠤ ᠤᠯᠤᠰ ᠤᠨ ᠤᠳᠬ᠎ᠠ ᠤᠷᠠᠯᠢᠭ ᠤᠨ ᠬᠢᠨ ᠤ | ᠬᠤᠯᠪᠣᠭ᠎ᠠ ᠶᠢᠨ ᠤᠨᠤᠯ ᠰᠤᠳᠤᠯᠬᠤ ᠲᠠᠰᠤᠭ ᠠᠴᠠ ᠵᠢᠯᠤᠭᠤᠳᠴᠤ᠂ ᠥᠪᠥᠷ ᠮᠣᠩᠭᠤᠯ ᠤᠨ ᠤᠳᠬ᠎ᠠ ᠤᠷᠠᠯᠢᠭ ᠤᠨ ᠬᠢᠨ ᠤ ᠬᠤᠯᠪᠣᠭ᠎ᠠ ᠠᠴᠠ ᠭᠤᠣᠯᠯᠠᠨ | ᠡᠷᠬᠢᠯᠡᠵᠦ᠂ ᠥᠪᠥᠷ ᠮᠣᠩᠭᠤᠯ ᠤᠨ ᠤᠳᠬ᠎ᠠ ᠤᠷᠠᠯᠢᠭ ᠤᠨ ᠰᠢᠭᠦᠮᠵᠢᠯᠡᠭᠴᠢᠳ ᠤᠨ ᠨᠡᠶᠢᠭᠡᠮᠯᠢᠭ ᠠᠴᠠ ᠳᠠᠭᠠᠭᠠᠴᠢᠯᠠᠨ ᠡᠷᠬᠢᠯᠡᠭᠰᠡᠨ ᠤᠮᠠᠷᠠᠲᠤ ᠬᠢᠯᠢ ᠶᠢᠨ | ᠤᠳᠬ᠎ᠠ ᠤᠷᠠᠯᠢᠭ ᠤᠨ ᠶᠠᠷᠢᠶᠠᠨ ᠤ ᠲᠠᠪᠴᠠᠩ ᠬᠥᠬᠡᠬᠤᠲᠠ ᠳᠤ ᠶᠠᠪᠤᠭᠳᠠᠪᠠ᠃ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠭᠠᠳᠠᠭᠠᠳᠤ ᠶᠢᠨ ᠤᠳᠬ᠎ᠠ | ᠤᠷᠠᠯᠢᠭᠴᠢᠳ ᠤᠨ ᠲᠥᠯᠥᠭᠡᠯᠡᠭᠴᠢ᠂ ᠲᠤᠰᠬᠠᠢ ᠮᠡᠷᠭᠡᠵᠢᠯᠲᠡᠨ ᠡᠷᠳᠡᠮᠲᠡᠨ᠂ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠵᠢᠴᠢ ᠡᠯ᠎ᠡ | ᠠᠶᠢᠮᠠᠭ ᠬᠤᠳᠠ ᠶᠢᠨ ᠤᠳᠬ᠎ᠠ ᠤᠷᠠᠯᠢᠭ ᠤᠨ ᠠᠵᠢᠯᠲᠠᠨ ᠵᠡᠷᠭᠡ 150 ᠭᠠᠷᠤᠢ ᠬᠥᠮᠥᠨ ᠲᠤᠰ ᠤᠳᠠᠭ᠎ᠠ ᠶᠢᠨ ᠶᠠᠷᠢᠶᠠᠨ ᠤ ᠲᠠᠪᠴᠠᠩ ᠳᠤ ᠣᠷᠣᠯᠴᠠᠪᠠ᠃ | ᠲᠣᠰ ᠤᠳᠠᠭᠠᠨ ᠤ ᠶᠠᠷᠢᠶᠠᠨ ᠤ ᠲᠠᠪᠴᠠᠩ ᠳᠤ ︽ᠤᠳᠬ᠎ᠠ ᠤᠷᠠᠯᠢᠭ ᠤᠨ ᠰᠣᠨᠢᠨ︾ ᠤ ᠤᠤᠯ ᠤᠨ ᠶᠡᠷᠦᠩᠬᠡᠢ ᠨᠠᠶᠢᠷᠠᠭᠤᠯᠤᠭᠴᠢ ᠯᠢᠶᠠᠩ ᠬᠤᠩ ᠶᠢᠩ᠂ | ᠳᠤᠮᠳᠠᠳᠤ ᠤᠯᠤᠰ ᠤᠨ ᠤᠳᠬ᠎ᠠ ᠤᠷᠠᠯᠢᠭ ᠤᠨ ᠰᠢᠭᠦᠮᠵᠢᠯᠡᠭᠴᠢᠳ ᠤᠨ ᠨᠡᠶᠢᠭᠡᠮᠯᠢᠭ ᠤᠨ ᠳᠡᠳ᠋ ᠲᠡᠷᠢᠭᠦᠯᠡᠭᠴᠢ ᠰᠢᠶᠠᠩ ᠶᠦᠨ ᠵᠢᠦᠢ᠂ ᠳᠤᠮᠳᠠᠳᠤ ᠤᠯᠤᠰ ᠤᠨ | ᠵᠠᠭᠤᠴᠢᠯᠠᠭᠤᠷ ᠤᠨ ᠶᠡᠭᠡ ᠰᠤᠷᠭᠠᠭᠤᠯᠢ ᠶᠢᠨ ᠤᠷᠠᠯᠢᠭ ᠤᠨ ᠰᠤᠳᠤᠯᠭᠠᠨ ᠤ ᠬᠦᠷᠢᠶᠡᠯᠡᠩ ᠤᠨ ᠳᠠᠷᠤᠭ᠎ᠠ ᠸᠠᠩ ᠲᠢᠩ ᠰᠢᠨ ᠵᠡᠷᠭᠡ 14 ᠲᠤᠰᠬᠠᠢ ᠮᠡᠷᠭᠡᠵᠢᠯᠲᠡᠨ | ᠡᠷᠳᠡᠮᠲᠡᠨ ᠢ ᠤᠷᠢᠵᠤ ︽ᠤᠮᠠᠷᠠᠲᠤ ᠬᠢᠯᠢ ᠶᠢᠨ ᠰᠣᠶᠣᠯ︾ ᠤᠨ ᠲᠦᠷᠦᠯ ᠲᠡᠮᠳᠡᠭᠲᠦ ᠶᠢ ᠡᠭᠦᠳᠬᠦ ᠪᠠ ᠨᠡᠶᠢᠭᠡᠮ ᠵᠢᠷᠤᠮ ᠤᠨ ᠤᠳᠬ᠎ᠠ ᠤᠷᠠᠯᠢᠭ ᠢ | ᠴᠡᠴᠡᠭᠯᠡᠭᠦᠯᠦᠨ ᠬᠥᠭᠵᠢᠭᠦᠯᠬᠦ ᠶᠢᠨ ᠲᠣᠭᠤᠷᠢᠨ ᠳᠤ ᠭᠤᠣᠯ ᠵᠣᠷᠢᠯᠲᠠᠲᠤ ᠶᠠᠷᠢᠶ᠎ᠠ ᠢᠯᠡᠳᠬᠡᠯ ᠪᠠ ᠭᠤᠣᠯ ᠰᠡᠳᠦᠪᠲᠦ ᠶᠠᠷᠢᠶ᠎ᠠ ᠢᠯᠡᠳᠬᠡᠯ ᠬᠢᠯᠭᠡᠵᠡᠢ᠃ ᠶᠠᠷᠢᠶᠠᠨ ᠤ | ᠲᠠᠪᠴᠠᠩ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠣᠨ ᠨᠠᠮ ᠤᠨ | ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ︽ᠤᠮᠠᠷᠠᠲᠤ ᠬᠢᠯᠢ ᠶᠢᠨ | ᠰᠣᠶᠣᠯ︾ ᠤᠨ ᠲᠥᠷᠥᠯ ᠲᠡᠮᠳᠡᠭᠲᠦ ᠶᠢ ᠴᠤᠭᠴᠠᠯᠠᠬᠤ ᠲᠤᠬᠠᠢ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ᠂ ᠰᠢᠨ᠎ᠡ ᠴᠠᠭ ᠦᠶ᠎ᠡ ᠶᠢᠨ | ᠥᠪᠥᠷ ᠮᠣᠩᠭᠤᠯ ᠤᠨ ᠤᠳᠬ᠎ᠠ ᠤᠷᠠᠯᠢᠭ ᠤᠨ ᠠᠵᠢᠯᠲᠠᠳ ᠤᠨ ᠴᠠᠭ ᠦᠶ᠎ᠡ ᠶᠢᠨ ᠬᠠᠷᠢᠭᠤᠴᠠᠯᠭ᠎ᠠ ᠪᠠ ᠡᠭᠦᠷᠭᠡ ᠬᠠᠷᠢᠭᠤᠴᠠᠯᠭ᠎ᠠ ᠶᠢ ᠳᠡᠯᠭᠡᠨ ᠦᠵᠡᠭᠦᠯᠵᠦ᠂ | ᠤᠳᠬ᠎ᠠ ᠤᠷᠠᠯᠢᠭ ᠤᠨ ᠠᠵᠢᠯ ᠂ ︽ᠤᠮᠠᠷᠠᠲᠤ ᠬᠢᠯᠢ ᠶᠢᠨ ᠰᠣᠶᠣᠯ︾ ᠤᠨ ᠲᠥᠷᠥᠯ ᠲᠡᠮᠳᠡᠭᠲᠦ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠬᠤ᠂ ︽ᠲᠠᠪᠤᠨ | ᠶᠡᠭᠡ ᠡᠭᠦᠷᠭᠡ︾ ᠶᠢ ᠰᠠᠶᠢᠲᠤᠷ ᠪᠡᠶᠡᠯᠡᠭᠦᠯᠬᠦ ᠪᠠ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠬᠦᠴᠦᠨ | ᠨᠡᠮᠡᠷᠢᠯᠡᠬᠦ ᠳᠤ ᠦᠵᠡᠭᠦᠯᠬᠦ ᠤᠳᠬ᠎ᠠ ᠤᠷᠠᠯᠢᠭ ᠤᠨ ᠠᠵᠢᠯ᠂ ᠤᠳᠬ᠎ᠠ ᠤᠷᠠᠯᠢᠭ ᠤᠨ ᠦᠢᠯᠡᠰ ᠤᠨ ᠥᠪᠡᠷᠮᠢᠴᠡ ᠦᠢᠯᠡᠳᠦᠯ ᠢ ᠰᠢᠨᠵᠢᠯᠡᠨ ᠶᠠᠷᠢᠯᠴᠠᠬᠤ ᠶᠢ | ᠵᠣᠷᠢᠵᠠᠢ᠃ | ᠶᠠᠷᠢᠶᠠᠨ ᠤ ᠲᠠᠪᠴᠠᠩ ᠤᠨ ᠬᠢᠨ ᠪᠠᠰᠠ ᠰᠢᠯᠢᠳᠡᠭ ᠥᠭᠦᠯᠡᠯ ᠢ ᠬᠥᠬᠢᠭᠦᠯᠦᠨ ᠰᠠᠶᠢᠰᠢᠶᠠᠪᠠ᠃ | ᠢᠷᠡᠯᠲᠡ᠄ ᠬᠦᠬᠡᠬᠤᠲᠠ ᠶᠢᠨ ᠡᠳᠦᠷ ᠤᠨ ᠰᠣᠨᠢᠨ |