ᠪᠣᠣ ᠭᠠᠩ ᠾᠧ ᠬᠠᠢ ᠳ᠋ᠦᠩ ︽2023 ᠪᠡᠭᠡᠵᠢᠩ ᠤᠨ ᠰᠦᠯᠵᠢᠶᠡᠨ ᠤ ᠠᠵᠤ ᠠᠬᠤᠶᠢᠯᠠᠯ ᠤᠨ ᠬᠤᠪᠢᠰᠬᠠᠯ ᠤᠨ ᠬᠠᠭᠤᠴᠢᠨ ᠣᠷᠣᠨ ᠤ ᠠᠶᠠᠯᠠᠯ︾  ᠤᠨ ᠭᠡᠰᠢᠭᠦᠳ ᠲᠠᠢ ᠠᠭᠤᠯᠵᠠᠪᠠ
ᠨᠡᠶᠢᠲᠡᠯᠡᠭᠰᠡᠨ ᠴᠠᠭ᠄
2023/9/6
      9 ᠳ᠋ᠤᠭᠡᠷ ᠰᠠᠷ᠎ᠠ ᠶᠢᠨ 3 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠪᠣᠣ ᠭᠠᠩ᠂ ᠬᠤᠳᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠳᠠ ᠶᠢᠨ ᠳᠠᠷᠤᠭ᠎ᠠ ᠾᠧ ᠬᠠᠢ ᠳ᠋ᠦᠩ ᠪᠡᠭᠡᠵᠢᠩ ᠬᠤᠳᠠ ᠶᠢᠨ ᠨᠠᠮ ᠤᠨ ᠬᠤᠷᠢᠶ᠎ᠠ ᠶᠢᠨ ᠳᠡᠳ᠋ ᠨᠠᠷᠢᠨ ᠪᠢᠴᠢᠭ ᠤᠨ ᠳᠠᠷᠤᠭ᠎ᠠ᠂ ᠤᠬᠠᠭᠤᠯᠬᠤ ᠬᠡᠯᠲᠡᠰ ᠤᠨ ᠳᠡᠳ᠋ ᠳᠠᠷᠤᠭ᠎ᠠ᠂ ᠪᠡᠭᠡᠵᠢᠩ ᠤᠨ ᠷᠠᠳᠢᠣ᠋ ᠲᠧᠯᠸᠢᠰ ᠬᠤᠷᠢᠶ᠎ᠠ ᠶᠢᠨ ᠳᠠᠷᠤᠭ᠎ᠠ ᠢᠦᠢ ᠵᠢᠶᠦ᠋ᠨ ᠱᠧᠩ ᠤᠨ ᠳᠠᠭᠠᠭᠤᠯᠤᠭᠰᠠᠨ ︽2023 ᠪᠡᠭᠡᠵᠢᠩ ᠤᠨ ᠰᠦᠯᠵᠢᠶᠡᠨ ᠤ ᠠᠵᠤ ᠠᠬᠤᠶᠢᠯᠠᠯ ᠤᠨ ᠬᠤᠪᠢᠰᠬᠠᠯ ᠤᠨ ᠬᠠᠭᠤᠴᠢᠨ ᠣᠷᠣᠨ ᠤ ᠠᠶᠠᠯᠠᠯ︾ ᠤᠨ  ᠭᠡᠰᠢᠭᠦᠳ ᠲᠠᠢ ᠠᠭᠤᠯᠵᠠᠪᠠ᠃      ᠪᠣᠣ ᠭᠠᠩ ᠢᠦᠢ ᠵᠢᠶᠦ᠋ᠨ ᠱᠧᠩ ᠨᠠᠷ ᠢ ᠬᠠᠯᠠᠭᠤᠨ ᠢᠶᠠᠷ ᠤᠭᠲᠤᠵᠤ ᠪᠠᠶᠢᠬᠤ ᠪᠠᠨ ᠢᠯᠡᠳᠬᠡᠪᠡ᠂ ᠲᠡᠷᠡ ᠬᠥᠬᠡᠬᠤᠲᠠ ᠶᠢᠨ ᠦᠨᠳᠦᠰᠦᠨ ᠪᠠᠶᠢᠳᠠᠯ ᠪᠣᠯᠣᠨ ︽ᠵᠢᠷᠭᠤᠭᠠᠨ ᠶᠡᠭᠡ ᠠᠵᠤ ᠦᠢᠯᠡᠰ ᠤᠨ ᠪᠦᠭᠡᠮᠨᠡᠷᠡᠯ︾ ᠤᠨ ᠬᠥᠭᠵᠢᠯᠲᠡ ᠶᠢᠨ ᠪᠠᠶᠢᠳᠠᠯ ᠢ ᠳᠦᠭᠦᠮ ᠲᠠᠨᠢᠯᠴᠠᠭᠤᠯᠵᠤ᠂ ᠪᠡᠭᠡᠵᠢᠩ ᠤᠨ ᠢᠨᠲ᠋ᠧᠷ ᠰᠦᠯᠵᠢᠶᠡᠨ ᠤ ᠠᠵᠤ ᠠᠬᠤᠶᠢᠯᠠᠯ ᠲᠤᠰ ᠪᠡᠶ᠎ᠡ ᠶᠢᠨ ᠳᠠᠪᠠᠭᠤᠯᠢᠭ ᠢᠶᠠᠨ ᠪᠠᠳᠠᠷᠠᠭᠤᠯᠵᠤ᠂ ᠬᠥᠬᠡᠬᠤᠲᠠ ᠯᠤᠭ᠎ᠠ ᠶᠢᠨ ᠠᠵᠤ ᠦᠢᠯᠡᠰ ᠤᠨ ᠬᠠᠮᠲᠤᠷᠠᠯᠴᠠᠭ᠎ᠠ ᠪᠠᠨ ᠴᠢᠨᠠᠭᠰᠢᠳᠠ ᠴᠢᠩᠭᠠᠳᠬᠠᠵᠤ᠂ ᠬᠥᠬᠡᠬᠤᠲᠠ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠬᠦ ᠳᠤᠮᠳᠠ ᠬᠠᠷᠢᠯᠴᠠᠨ ᠠᠰᠢᠭᠲᠠᠢ ᠬᠠᠮᠲᠤᠪᠠᠷ ᠠᠰᠢᠭ ᠬᠦᠷᠳᠡᠬᠦ ᠶᠢ ᠪᠡᠶᠡᠯᠡᠭᠦᠯᠬᠦ ᠶᠢ ᠬᠦᠰᠡᠪᠡ᠃      ᠢᠦᠢ ᠵᠢᠶᠦ᠋ᠨ ᠱᠧᠩ ᠢᠯᠡᠷᠬᠡᠶᠢᠯᠡᠬᠦ ᠳᠡᠭᠡᠨ᠂ ᠲᠣᠰ ᠤᠳᠠᠭᠠᠨ ᠤ ︽ᠬᠤᠪᠢᠰᠬᠠᠯ ᠤᠨ ᠬᠠᠭᠤᠴᠢᠨ ᠣᠷᠣᠨ ᠤ ᠠᠶᠠᠯᠠᠯ︾ ᠢᠶᠠᠷ ᠠᠵᠠ ᠲᠣᠬᠢᠶᠠᠯ ᠪᠣᠯᠭᠠᠵᠤ᠂ ᠨᠠᠩ ᠣᠯᠠᠨ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠴᠢᠷᠮᠠᠶᠢᠨ ᠠᠬᠢᠭᠤᠯᠵᠤ᠂ ᠬᠥᠬᠡᠬᠤᠲᠠ ᠶᠢᠨ ᠴᠢᠨᠠᠷ ᠰᠠᠶᠢᠲᠠᠢ ᠬᠥᠭᠵᠢᠯᠲᠡ ᠳᠤ ᠢᠳᠡᠪᠬᠢᠲᠡᠢ ᠬᠤᠪᠢ ᠨᠡᠮᠡᠷᠢ ᠦᠵᠡᠭᠦᠯᠦᠨ᠎ᠡ ᠭᠡᠵᠡᠢ᠃      ᠥᠪᠡᠷᠲᠡᠭᠡᠨ ᠵᠠᠰᠠᠬᠤ ᠣᠷᠣᠨ ᠤ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠭᠡᠷ ᠤᠨ ᠡᠷᠬᠢᠯᠡᠭᠴᠢ ᠯᠢ ᠫᠧᠢ ᠶᠠᠨ᠂ ᠬᠤᠲᠠ ᠶᠢᠨ ᠤᠳᠤᠷᠢᠳᠤᠯᠭ᠎ᠠ ᠰᠢᠨ᠎ᠡ᠂ ᠸᠠᠩ ᠬᠠᠢ ᠢᠦᠢ᠂ ᠵᠦ ᠵᠢᠶᠠᠨ ᠭᠦᠸᠧ ᠠᠭᠤᠯᠵᠠᠯᠲᠠ ᠳᠤ ᠣᠷᠣᠯᠴᠠᠪᠠ᠃ ︵ᠯᠢ ᠬᠠᠢ ᠵᠧᠨ︶
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ