ᠪᠣᠣ ᠭᠠᠩ ᠰᠤᠷᠭᠠᠨ ᠬᠥᠮᠦᠵᠢᠯ ᠤᠨ ᠴᠢᠨᠠᠷ ᠰᠠᠶᠢᠲᠠᠢ ᠭᠦᠭᠵᠢᠯᠲᠡ ᠶᠢᠨ ᠠᠵᠢᠯ ᠢ ᠪᠠᠶᠢᠴᠠᠭᠠᠨ ᠰᠣᠳᠤᠯᠪᠠ
ᠨᠡᠶᠢᠲᠡᠯᠡᠭᠰᠡᠨ ᠴᠠᠭ᠄
2023/9/6
      ︵ᠰᠤᠷᠪᠤᠯᠵᠢᠯᠠᠭᠴᠢ ᠶᠦᠨ ᠵᠢᠩ︶ 9 ᠳ᠋ᠤᠭᠡᠷ ᠰᠠᠷ᠎ᠠ ᠶᠢᠨ 5 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠳᠠ ᠶᠢᠨ ᠨᠠᠮ ᠤᠨ ᠬᠤᠷᠢᠶ᠎ᠠ ᠶᠢᠨ ᠱᠦᠵᠢ  ᠪᠣᠣ ᠭᠠᠩ  ᠬᠡᠰᠡᠭ ᠰᠤᠷᠭᠠᠭᠤᠯᠢ ᠪᠠᠷ ᠬᠦᠨᠵᠡᠭᠡᠶᠢᠷᠡᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢᠨ ᠠᠵᠢᠯ ᠢ ᠪᠠᠶᠢᠴᠠᠭᠠᠨ ᠰᠤᠳᠤᠯᠬᠤ ᠶᠢᠨ ᠬᠠᠮᠲᠤ ᠶᠠᠷᠢᠯᠴᠠᠬᠤ ᠬᠤᠷᠠᠯ ᠬᠤᠷᠠᠯᠳᠤᠭᠤᠯᠪᠠ᠃      ᠪᠣᠣ ᠭᠠᠩ ᠤᠷᠢᠳ ᠬᠤᠵᠢᠳ ᠬᠤᠳᠠ ᠶᠢᠨ ᠦᠨᠳᠦᠰᠦᠲᠡᠨ ᠤ ᠲᠤᠷᠰᠢᠯᠲᠠ ᠶᠢᠨ ᠰᠤᠷᠭᠠᠭᠤᠯᠢ᠂ ᠬᠤᠳᠠ ᠶᠢᠨ ᠲᠤᠷᠰᠢᠯᠲᠠ ᠶᠢᠨ ᠳᠤᠮᠳᠠᠳᠤ ᠰᠤᠷᠭᠠᠭᠤᠯᠢ᠂ ᠰᠢᠨ᠎ᠡ ᠬᠤᠳᠠ ᠲᠣᠭᠤᠷᠢᠭ ᠤᠨ ᠰᠢᠨᠬᠤᠸᠠ ᠪᠠᠭ᠎ᠠ ᠰᠤᠷᠭᠠᠭᠤᠯᠢ ᠳᠤ ᠬᠦᠷᠴᠦ᠂ ᠰᠤᠷᠭᠠᠭᠤᠯᠢ ᠶᠢᠨ ᠬᠦᠷᠢᠶ᠎ᠡ᠂ ᠬᠢᠴᠢᠶᠡᠯ ᠤᠨ ᠭᠡᠷ ᠲᠤ ᠣᠷᠤᠵᠤ᠂ ᠪᠦᠬᠦ ᠬᠤᠳᠠ ᠶᠢᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢᠨ ᠶᠡᠭᠡ ᠬᠤᠷᠠᠯ ᠠᠴᠠ ᠨᠠᠰᠢᠬᠢ ᠰᠤᠷᠭᠠᠭᠤᠯᠢ ᠶᠢᠨ ᠵᠠᠬᠢᠷᠤᠯ ᠪᠠᠭᠰᠢ ᠶᠢᠨ ᠡᠩᠨᠡᠭᠡ ᠶᠢᠨ ᠪᠠᠶᠢᠭᠤᠯᠤᠯᠲᠠ᠂ ᠴᠢᠳᠠᠪᠤᠷᠢᠲᠠᠨ ᠢ ᠣᠷᠣᠭᠤᠯᠤᠨ ᠠᠪᠴᠢᠷᠠᠬᠤ᠂  ᠪᠦᠯᠦᠭᠯᠡᠯ ᠮᠠᠶ᠋ᠢᠭ ᠤᠨ ᠰᠤᠷᠭᠠᠭᠤᠯᠢ ᠡᠷᠬᠢᠯᠡᠬᠦ᠂ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ   ᠳᠡᠯᠭᠡᠷᠡᠭᠦᠯᠦᠨ ᠬᠡᠷᠡᠭᠯᠡᠬᠦ ᠵᠡᠷᠭᠡ ᠠᠵᠢᠯ ᠢ ᠨᠠᠷᠢᠨ ᠣᠶᠢᠯᠠᠭᠠᠪᠠ᠃      ᠶᠠᠷᠢᠯᠴᠠᠬᠤ ᠬᠤᠷᠠᠯ ᠳᠡᠭᠡᠷ᠎ᠡ᠂ ᠪᠣᠣ ᠭᠠᠩ ᠬᠤᠷᠠᠯ ᠳᠤ ᠣᠷᠣᠯᠴᠠᠭᠰᠠᠨ ᠰᠤᠷᠭᠠᠭᠤᠯᠢ ᠶᠢᠨ ᠵᠠᠬᠢᠷᠤᠯ᠂ ᠪᠠᠭᠰᠢ ᠶᠢᠨ ᠲᠥᠯᠥᠭᠡᠯᠡᠭᠴᠢᠳ ᠤᠨ ᠣᠷᠣᠨ ᠤ ᠲᠥᠪ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢᠨ ᠲᠤᠬᠠᠢ ᠰᠠᠨᠠᠯ ᠰᠠᠨᠠᠭᠤᠯᠭ᠎ᠠ ᠶᠢ ᠨᠠᠷᠢᠨ ᠬᠢᠨᠠᠮᠠᠭᠠᠢ ᠰᠣᠨᠣᠰᠴᠤ᠂ ᠤᠯᠠᠨ ᠲᠠᠢ ᠪᠣᠳᠠᠲᠠᠢ ᠰᠡᠳᠬᠢᠴᠡ ᠠᠷᠭ᠎ᠠ ᠬᠡᠮᠵᠢᠶ᠎ᠡ ᠪᠠᠨ ᠭᠦᠨᠵᠡᠭᠡᠢ ᠰᠣᠯᠢᠯᠴᠠᠭᠰᠠᠨ ᠪᠥᠭᠡᠳ ᠤᠯᠠᠨ ᠢᠶᠠᠷ ᠳᠠᠮᠵᠢᠭᠤᠯᠤᠨ ᠪᠦᠬᠦ ᠬᠤᠳᠠ ᠶᠢᠨ ᠥᠷᠭᠡᠨ ᠤᠯᠠᠨ ᠰᠤᠷᠭᠠᠨ ᠬᠥᠮᠦᠵᠢᠯ ᠤᠨ ᠠᠵᠢᠯᠲᠠᠳ ᠲᠤ ᠪᠠᠭᠰᠢ ᠶᠢᠨ ᠪᠠᠶᠠᠷ ᠤᠨ ᠮᠡᠨᠳᠦᠴᠢᠯᠡᠯ ᠳᠡᠪᠰᠢᠭᠦᠯᠵᠡᠢ᠃ᠲᠡᠷᠡ ᠬᠡᠯᠡᠬᠦ ᠳᠡᠭᠡᠨ᠂ ᠰᠤᠷᠭᠠᠨ ᠬᠥᠮᠦᠵᠢᠯ ᠪᠣᠯ ᠤᠯᠤᠰ ᠤᠨ ᠶᠡᠭᠡ ᠪᠣᠳᠣᠯᠭ᠎ᠠ᠂ ᠨᠠᠮ ᠤᠨ ᠶᠡᠭᠡ ᠪᠣᠳᠣᠯᠭ᠎ᠠ ᠮᠥᠨ᠂ ᠪᠦᠬᠦ ᠬᠤᠳᠠ ᠶᠢᠨ ᠬᠥᠭᠵᠢᠯᠲᠡ ᠶᠢᠨ ᠶᠡᠭᠡ ᠲᠠᠯ᠎ᠠ ᠲᠠᠢ ᠬᠤᠯᠪᠣᠭᠳᠠᠵᠤ᠂ ᠤᠯᠠᠨ ᠲᠦᠮᠡᠨ ᠤ ᠠᠮᠢ ᠪᠡᠶ᠎ᠡ ᠶᠢᠨ ᠠᠰᠢᠭ ᠲᠤᠰᠠ ᠲᠠᠢ ᠬᠤᠯᠪᠣᠭᠳᠠᠨ᠎ᠠ᠃ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠶᠣᠰᠣ ᠰᠤᠷᠲᠠᠬᠤᠨ ᠢᠶᠠᠷ ᠬᠥᠮᠥᠨ ᠢ ᠬᠥᠮᠥᠵᠢᠭᠦᠯᠬᠦ ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ  ᠪᠠᠲᠤ ᠴᠤᠭᠴᠠᠯᠠᠬᠤ ᠶᠢ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠡᠯ᠎ᠡ ᠭᠤᠭᠴᠤᠭ᠎ᠠ ᠳᠤ ᠠᠭᠤᠰᠤᠯᠴᠠᠭᠤᠯᠵᠤ᠂ ᠶᠣᠰᠣ ᠰᠤᠷᠲᠠᠬᠤᠨ ᠤᠶᠤᠨ ᠤᠬᠠᠭᠠᠨ ᠪᠡᠶ᠎ᠡ ᠮᠠᠬᠠᠪᠤᠳ ᠭᠤᠸ᠎ᠠ ᠰᠠᠶᠢᠬᠠᠨ ᠬᠥᠳᠡᠯᠮᠦᠷᠢ ᠪᠦᠬᠦ ᠲᠠᠯ᠎ᠠ ᠪᠠᠷ ᠬᠥᠭᠵᠢᠭᠰᠡᠨ ᠥᠨᠳᠥᠷ ᠬᠡᠪ ᠪᠣᠯᠪᠠᠰᠤᠷᠠᠯ ᠲᠠᠢ ᠶᠡᠷᠦᠩᠬᠡᠶᠢᠯᠡᠭᠰᠡᠨ ᠬᠡᠯᠪᠡᠷᠢ ᠶᠢᠨ ᠴᠢᠳᠠᠪᠤᠷᠢᠲᠠᠨ ᠢ ᠬᠦᠴᠦᠯᠡᠨ ᠬᠥᠮᠥᠵᠢᠭᠦᠯᠬᠦ ᠬᠡᠷᠡᠭᠲᠡᠢ᠃ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠪᠠᠶᠢᠷᠢᠰᠢᠭᠤᠯᠤᠯᠲᠠ ᠶᠢ ᠰᠢᠨᠵᠢᠯᠡᠬᠦ ᠤᠬᠠᠭᠠᠨᠴᠢ ᠪᠠᠷ ᠵᠦᠢ ᠵᠣᠬᠢᠰᠲᠠᠢ ᠲᠥᠯᠥᠪᠵᠢᠭᠦᠯᠵᠦ᠂ ᠣᠷᠣᠨ ᠤ ᠭᠠᠳᠠᠨᠠᠬᠢ ᠨᠠᠷᠠᠲᠤ ᠰᠤᠷᠭᠠᠭᠤᠯᠢ᠂ ᠬᠥᠬᠡᠬᠤᠲᠠ ᠳᠤ ᠰᠠᠭᠤᠭ᠎ᠠ  ᠶᠡᠭᠡ ᠳᠡᠭᠡᠳᠦ ᠰᠤᠷᠭᠠᠭᠤᠯᠢ ᠯᠤᠭ᠎ᠠ ᠬᠠᠮᠲᠤᠷᠠᠨ ᠰᠤᠷᠭᠠᠭᠤᠯᠢ ᠡᠷᠭᠢᠯᠡᠬᠦ ᠶᠢ ᠭᠦᠨᠵᠡᠭᠡᠶᠢᠷᠡᠭᠦᠯᠦᠨ᠂  ᠪᠦᠯᠦᠭᠯᠡᠯ ᠮᠠᠶ᠋ᠢᠭ ᠤᠨ ᠰᠤᠷᠭᠠᠭᠤᠯᠢ ᠡᠷᠭᠢᠯᠡᠬᠦ ᠬᠠᠮᠢᠶᠠᠷᠤᠯᠲᠠ ᠶᠢᠨ ᠠᠷᠭ᠎ᠠ ᠵᠢᠴᠢ ᠠᠵᠢᠯᠯᠠᠭᠠᠨ ᠤ ᠲᠣᠭᠲᠠᠴᠠ ᠶᠢ ᠲᠡᠭᠦᠯᠳᠡᠷᠵᠢᠭᠦᠯᠵᠦ᠂ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠵᠡᠷᠭᠡ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠭᠤᠯᠢ ᠶᠢᠨ ᠴᠢᠨᠠᠷ ᠰᠠᠶᠢᠲᠠᠢ ᠪᠥᠭᠡᠳ ᠲᠡᠩᠴᠡᠭᠦᠷᠢᠲᠡᠢ ᠬᠥᠭᠵᠢᠬᠦ ᠶᠢ ᠠᠬᠢᠭᠤᠯᠬᠤ ᠬᠡᠷᠡᠭᠲᠡᠢ᠃ᠰᠤᠷᠭᠠᠭᠤᠯᠢ ᠶᠢᠨ ᠵᠠᠬᠢᠷᠤᠯ᠂ ᠪᠠᠭᠰᠢ᠂ ᠵᠢᠭᠠᠨ ᠰᠤᠳᠤᠯᠤᠭᠴᠢ ᠭᠤᠷᠪᠠᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠦᠵᠡᠯ ᠰᠠᠨᠠᠭ᠎ᠠ ᠪᠠᠨ ᠴᠢᠯᠦᠭᠡᠯᠡᠨ᠂ ᠬᠡᠪ ᠵᠠᠭᠪᠤᠷ ᠤᠨ ᠲᠠᠯ᠎ᠠ ᠪᠠᠷ ᠰᠢᠨ᠎ᠡ ᠶᠢ ᠡᠭᠦᠳᠴᠦ᠂ ᠨᠢᠭᠡ ᠪᠦᠯᠦᠭ ᠵᠠᠯᠠᠭᠤ᠂ ᠲᠤᠰᠬᠠᠢ ᠮᠡᠷᠭᠡᠵᠢᠯ ᠤᠨ ᠡᠩᠨᠡᠭᠡ ᠶᠢ ᠲᠦᠷᠭᠡᠪᠴᠢᠯᠡᠨ ᠬᠥᠮᠥᠵᠢᠭᠦᠯᠬᠦ ᠬᠡᠷᠡᠭᠲᠡᠢ᠃ᠡᠯ᠎ᠡ ᠭᠠᠵᠠᠷ ᠣᠷᠣᠨ᠂ ᠡᠯ᠎ᠡ ᠰᠤᠷᠭᠠᠭᠤᠯᠢ ᠶᠢ ᠲᠠᠰ ᠲᠥᠷᠥᠯ ᠬᠤᠪᠢᠶᠠᠨ ᠬᠢᠨᠠᠨ ᠰᠢᠯᠭᠠᠵᠤ ᠦᠨᠡᠯᠡᠬᠦ ᠶᠢ ᠴᠢᠩᠭᠠᠳᠬᠠᠵᠤ᠂ ᠵᠥᠪ ᠴᠢᠭᠯᠡᠯ ᠢᠶᠠᠷ ᠤᠷᠮᠠᠰᠢᠭᠤᠯᠬᠤ ᠪᠠ ᠡᠰᠡᠷᠭᠦ ᠴᠢᠭᠯᠡᠯ ᠢᠶᠠᠷ ᠵᠠᠯᠬᠠᠭᠠᠨ ᠴᠡᠭᠡᠷᠯᠡᠭᠦᠯᠬᠦ ᠲᠣᠭᠲᠠᠴᠠ ᠶᠢ ᠲᠡᠭᠦᠯᠳᠡᠷᠵᠢᠭᠦᠯᠦᠨ᠂ ᠣᠷᠣᠨ ᠤ ᠲᠥᠪ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢ ᠥᠷᠭᠦᠯᠵᠢᠯᠡᠨ ᠠᠬᠢᠭᠤᠯᠬᠤ ᠬᠡᠷᠡᠭᠲᠡᠢ ᠭᠡᠵᠡᠢ᠃      ᠬᠤᠲᠠ ᠶᠢᠨ ᠤᠳᠤᠷᠢᠳᠤᠯᠭ᠎ᠠ ᠱᠠᠩ ᠵᠢᠩ ᠮᠢᠨ᠂ ᠹᠦ᠋ ᠶᠢᠨ ᠽᠠᠢ ᠪᠠᠶᠢᠴᠠᠭᠠᠨ ᠰᠤᠳᠤᠯᠤᠯᠲᠠ ᠳᠤ  ᠣᠷᠤᠯᠴᠠᠪᠠ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ