| | | ᠰᠤᠷᠪᠤᠯᠵᠢᠯᠠᠭᠴᠢ ᠳᠤᠮᠳᠠᠳᠤ ᠤᠯᠤᠰ ᠤᠨ ᠲᠡᠮᠦᠷ ᠵᠠᠮ ᠤᠨ ᠬᠥᠬᠡᠬᠤᠲᠠ ᠶᠢᠨ ᠲᠣᠪᠴᠢᠶ᠎ᠠ ᠠᠴᠠ ᠣᠶᠢᠯᠠᠭᠠᠭᠰᠠᠨ ᠢᠶᠠᠷ | ᠂ 2023 ᠣᠨ ᠤ 9 ᠳ᠋ᠤᠭᠡᠷ ᠰᠠᠷ᠎ᠠ ᠶᠢᠨ 4 ᠤ ᠡᠳᠦᠷ ᠤᠨ ᠥᠷᠯᠥᠭᠡ ᠶᠢᠨ 4 ᠴᠠᠭ 30 ᠮᠢᠨᠦ᠋ᠲ ᠪᠣᠯᠲᠠᠯ᠎ᠠ᠂ | ᠵᠠᠯᠭᠠᠭ᠎ᠠ ᠪᠠᠷ 4 ᠡᠳᠦᠷ ᠨᠡᠶᠢᠲᠡ 16 ᠴᠠᠭ ᠪᠠᠴᠢᠮ ᠶᠠᠭᠠᠷᠠᠯᠲᠠᠢ ᠠᠵᠢᠯᠯᠠᠬᠤ ᠪᠠᠷ ᠳᠠᠮᠵᠢᠨ ᠵᠢᠨᠢᠩ ᠠᠴᠠ ᠭᠠᠷᠴᠤ | ᠳ᠋ᠠᠲ᠋ᠦ᠋ᠩ ᠢᠶᠠᠷ ᠳᠡᠮᠵᠢᠨ ᠶᠤᠸᠠᠨ ᠫᠢᠩ ᠬᠦᠷᠬᠦ ᠬᠤᠷᠳᠤᠨ ᠤ ᠲᠡᠮᠦᠷ ᠵᠠᠮ ︵ᠳᠣᠷᠣᠭᠰᠢ ᠵᠢᠢ ᠳ᠋ᠠ ᠶᠤᠸᠠᠨ ᠬᠤᠷᠳᠤᠨ ᠤ | ᠲᠡᠮᠦᠷ ᠵᠠᠮ ᠭᠡᠵᠦ ᠲᠣᠪᠴᠢᠯᠠᠨ᠎ᠠ︶ ᠤᠨ ᠭᠤᠣᠯᠳᠠᠯᠭ᠎ᠠ ᠪᠣᠯᠬᠤ ᠪᠠᠷᠢᠯᠭ᠎ᠠ ︱ ᠴᠠᠬᠠᠷ ᠪᠠᠷᠠᠭᠤᠨ ᠭᠠᠷᠤᠨ ᠡᠮᠦᠨᠡᠲᠦ | ᠬᠤᠰᠢᠭᠤᠨ ᠤ ᠣᠨᠴᠠ ᠶᠡᠭᠡ ᠬᠥᠭᠦᠷᠭᠡ ᠶᠢᠨ ᠪᠡᠭᠡᠵᠢᠩ ᠠᠴᠠ ᠪᠤᠭᠤᠲᠤ ᠬᠦᠷᠬᠦ ᠠᠶᠠᠨᠴᠢᠳ ᠤᠨ ᠲᠤᠰᠬᠠᠢ ᠱᠤᠭᠤᠮ ᠤᠨ | ᠬᠤᠷᠳᠤᠨ ᠤ ᠲᠡᠮᠦᠷ ᠵᠠᠮ ᠢ ᠰᠤᠨᠳᠠᠯᠠᠭᠰᠠᠨ ᠳᠠᠩ ᠱᠤᠭᠤᠮ ᠤᠨ ᠬᠠᠶᠢᠷᠴᠠᠭ ᠨᠢᠷᠤᠭᠤ ᠶᠢ ᠠᠮᠵᠢᠯᠲᠠᠲᠠᠢ ᠭᠠᠷᠭᠠᠵᠤ᠂ ᠵᠢᠢ | ᠳ᠋ᠠ ᠶᠤᠸᠠᠨ ᠬᠤᠷᠳᠤᠨ ᠤ ᠲᠡᠮᠦᠷ ᠵᠠᠮ ᠤᠨ ᠪᠦᠲᠦᠭᠡᠨ ᠪᠠᠶᠢᠭᠤᠯᠤᠯᠲᠠ ᠰᠢᠪᠲᠤᠯᠤᠯᠲᠠ ᠶᠢᠨ ᠴᠢᠨᠠᠷᠲᠠᠢ ᠠᠬᠢᠴᠠ ᠲᠠᠢ | ᠪᠣᠯᠪᠠ᠃ ᠵᠢᠷᠤᠭ ᠪᠣᠯ ᠪᠡᠭᠡᠵᠢᠩ ᠠᠴᠠ ᠪᠤᠭᠤᠲᠤ ᠬᠦᠷᠬᠦ ᠠᠶᠠᠨᠴᠢᠳ ᠤᠨ ᠲᠤᠰᠬᠠᠢ ᠱᠤᠭᠤᠮ ᠢ ᠳᠡᠭᠡᠭᠦᠷ ᠨᠢ | ᠰᠤᠨᠳᠠᠯᠠᠭᠰᠠᠨ ᠵᠢᠢ ᠳ᠋ᠠ ᠶᠤᠸᠠᠨ ᠬᠤᠷᠳᠤᠨ ᠤ ᠲᠡᠮᠦᠷ ᠵᠠᠮ ᠤᠨ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤᠨ ᠤ | ᠣᠨᠴᠠ ᠶᠡᠭᠡ ᠬᠥᠭᠦᠷᠭᠡ ᠪᠣᠯᠣᠨ᠎ᠠ᠃ | ᠰᠤᠷᠪᠤᠯᠵᠢᠯᠠᠭᠴᠢ ᠶᠦᠨ ᠶᠠᠨ ᠹᠠᠩ ᠴᠢᠮᠡᠭᠡᠯᠡᠭᠴᠢ ᠯᠢ ᠰᠢᠶᠣᠣ ᠭᠤᠸᠠᠩ ᠰᠡᠭᠦᠳᠡᠷᠯᠡᠪᠡ |