ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠢᠦᠶ ᠴᠢᠤᠸᠠᠨ ᠲᠣᠭᠤᠷᠢᠭ ᠤᠨ ᠴᠢᠨᠠᠷ ᠰᠠᠶᠢᠲᠠᠶ ᠬᠥᠭᠵᠢᠯᠲᠡ ᠶᠢᠨ ᠭᠤᠤᠯᠳᠠᠯᠭ᠎ᠠ ᠲᠠᠢ ᠲᠦᠷᠦᠯ ᠵᠦᠢᠯ ᠢ ᠲᠣᠭᠤᠷᠢᠨ ᠦᠵᠡᠵᠦ ᠶᠠᠷᠢᠯᠴᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/9/7
      ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠤ ᠡᠭᠦᠷᠭᠡ ᠲᠤᠰᠢᠶᠠᠯ ᠢᠶᠠᠨ ᠭᠦᠢᠴᠡᠳᠬᠡᠬᠦ ᠬᠢᠷᠢ ᠲᠦᠪᠰᠢᠨ ᠪᠠ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠬᠤ ᠠᠷᠭ᠎ᠠ ᠵᠠᠮ ᠢ ᠥᠷᠭᠡᠳᠬᠡᠵᠦ᠂ ᠪᠥᠬᠦ ᠲᠤᠭᠤᠷᠢᠭ ᠤᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦ ᠨᠡᠮᠡᠷᠢᠯᠡᠬᠦ ᠶᠢᠨ ᠲᠦᠯᠦᠭᠡ᠂ ᠲᠦᠷᠦᠭᠦᠬᠡᠨ᠂ ᠢᠦᠶ ᠴᠢᠤᠸᠠᠨ ᠲᠣᠭᠤᠷᠢᠭ ᠤᠨ ᠬᠢᠨ ᠤᠯᠤᠰ ᠲᠥᠷᠥ ᠶᠢᠨ ᠵᠥᠪᠯᠡᠯᠭᠡᠨ ᠤ ᠢᠦᠶ ᠴᠢᠤᠸᠠᠨ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠳᠣᠯᠣᠳᠤᠭᠠᠷ ᠤᠳᠠᠭᠠᠨ ᠤ ᠪᠠᠶᠢᠩᠭᠤ ᠶᠢᠨ ᠭᠡᠰᠢᠭᠦᠳ ᠤᠨ ︵ᠥᠷᠭᠡᠳᠬᠡᠭᠰᠡᠨ︶ ᠤᠨ ᠬᠤᠷᠠᠯ ᠵᠢᠴᠢ ︽ᠢᠦᠶ ᠴᠢᠤᠸᠠᠨ ᠲᠣᠭᠤᠷᠢᠭ ᠤᠨ ᠬᠤᠪᠢᠷᠠᠯᠲᠠ ᠶᠢᠨ ᠦᠵᠡᠵᠦ ᠢᠦᠶ ᠴᠢᠤᠸᠠᠨ ᠲᠣᠭᠤᠷᠢᠭ ᠤᠨ ᠬᠥᠭᠵᠢᠯᠲᠡ ᠶᠢ ᠰᠢᠯᠭᠠᠬᠤ︾ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠢᠦᠶ ᠴᠢᠤᠸᠠᠨ ᠲᠣᠭᠤᠷᠢᠭ ᠤᠨ ᠴᠢᠨᠠᠷ ᠰᠠᠶᠢᠲᠠᠶ ᠬᠥᠭᠵᠢᠯᠲᠡ ᠶᠢᠨ ᠭᠤᠤᠯᠳᠠᠯᠭ᠎ᠠ ᠲᠠᠢ ᠲᠦᠷᠦᠯ ᠵᠦᠢᠯ ᠢ ᠲᠣᠭᠤᠷᠢᠨ ᠦᠵᠡᠵᠦ ᠶᠠᠷᠢᠯᠴᠠᠬᠤ ᠬᠤᠷᠠᠯ ᠬᠤᠷᠠᠯᠳᠤᠭᠤᠯᠪᠠ᠃      ᠤᠯᠤᠰ ᠲᠥᠷᠥ ᠶᠢᠨ ᠵᠥᠪᠯᠡᠯᠭᠡᠨ ᠤ ᠪᠠᠶᠢᠩᠭᠤ ᠶᠢᠨ ᠭᠡᠰᠢᠭᠦᠳ ᠵᠢᠴᠢ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠷᠢᠳ ᠬᠤᠵᠢᠳ ᠢᠦᠶ ᠴᠢᠤᠸᠠᠨ ᠲᠣᠭᠤᠷᠢᠭ ᠤᠨ ᠣᠨᠢᠰᠤ ᠦᠢᠯᠡᠳᠬᠦ ᠦᠢᠯᠡᠳᠪᠦᠷᠢ ᠶᠢᠨ ᠮᠠᠶ ᠯᠢ ᠪᠡᠶ᠎ᠡ ᠶᠢᠨ ᠲᠠᠮᠢᠷ ᠰᠣᠶᠣᠯ ᠤᠨ ᠠᠵᠤ ᠦᠢᠯᠡᠰ ᠤᠨ ᠬᠦᠷᠢᠶᠡᠯᠡᠩ᠂ ᠬᠤᠲᠠ ᠶᠢᠨ ᠡᠮᠨᠡᠯᠭᠡ ᠶᠢᠨ ᠬᠤᠷᠢᠶ᠎ᠠ ᠶᠢᠨ ᠡᠮᠦᠨ᠎ᠡ ᠲᠠᠯ᠎ᠠ ᠶᠢᠨ ᠳᠥᠭᠦᠮ ᠪᠦᠲᠦᠴᠡᠲᠦ ᠣᠷᠣᠨ ᠰᠠᠭᠤᠴᠠ ᠶᠢᠨ ᠲᠣᠭᠤᠷᠢᠭ ᠢ ᠥᠭᠡᠷᠡᠴᠢᠯᠡᠬᠦ ᠵᠢᠴᠢ ᠪᠤᠴᠠᠭᠠᠨ ᠨᠡᠭᠦᠯᠭᠡᠵᠦ ᠲᠥᠪᠬᠢᠨᠡᠭᠦᠯᠬᠦ ᠣᠷᠣᠨ ᠰᠠᠭᠤᠴᠠ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ᠂ ᠳ᠋ᠠ ᠱᠧᠩ ᠺᠦᠶ ᠮᠦᠽᠧᠶ ᠶᠢᠨ ᠪᠦᠯᠦᠭᠯᠡᠯ ᠵᠢᠴᠢ ᠳᠤᠮᠳᠠᠳᠤ ᠣᠷᠣᠰ ᠮᠣᠩᠭᠤᠯ ᠤᠨ ᠬᠠᠷᠢᠯᠴᠠᠨ ᠠᠷᠠᠯᠵᠢᠶᠠᠯᠠᠬᠤ ᠲᠠᠸᠠᠷ ᠤᠨ ᠳᠡᠯᠭᠡᠨ ᠪᠣᠷᠣᠯᠠᠭᠤᠯᠬᠤ ᠰᠠᠭᠤᠷᠢᠨ ᠭᠠᠵᠠᠷ᠂ ᠾᠧ ᠲᠠᠢ ᠴᠧᠩ ᠤᠨ ᠤᠨᠴᠠᠯᠢᠬᠳᠤ ᠬᠤᠳᠠᠯᠳᠤᠭᠠᠨ ᠤ ᠵᠡᠭᠡᠯᠢ ᠲᠣᠭᠤᠷᠢᠭ ᠢ ᠲᠤᠬᠠᠶ ᠶᠢᠨ ᠭᠠᠵᠠᠷ ᠲᠤᠨᠢ ᠲᠣᠭᠤᠷᠢᠨ ᠦᠵᠡᠵᠦ᠂ ᠲᠣᠭᠤᠷᠢᠨ ᠦᠵᠡᠬᠦ ᠳᠤᠮᠳᠠ ᠪᠠᠨ ᠢᠦᠶ ᠴᠢᠤᠸᠠᠨ ᠲᠣᠭᠤᠷᠢᠭ ᠤᠨ ᠬᠥᠭᠵᠢᠯᠲᠡ ᠶᠢᠨ ᠣᠳᠣᠬᠢ ᠪᠠᠶᠢᠳᠠᠯ ᠢ ᠣᠶᠢᠯᠠᠭᠠᠪᠠ᠃      ᠲᠠᠷᠠᠭ᠎ᠠ ᠨᠢ ᠶᠠᠷᠢᠯᠴᠠᠬᠤ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠬᠤᠷᠠᠯ ᠳᠤ ᠭᠤᠷᠪᠠᠨ ᠵᠥᠪᠯᠡᠬᠦ ᠵᠦᠢᠯ ᠪᠤᠢ᠄ ᠨᠢᠭᠡ ᠳᠤ᠂ ᠪᠤᠤ ᠭᠠᠩ ᠱᠦᠵᠢ ᠶᠢᠨ ᠪᠦᠬᠦ ᠬᠤᠳᠠ ᠶᠢᠨ ᠴᠢᠨᠠᠷ ᠰᠠᠶᠢᠲᠠᠢ ᠬᠥᠭᠵᠢᠯᠲᠡ ᠶᠢᠨ ᠢᠦᠢ ᠴᠢᠤᠸᠠᠨ ᠲᠣᠭᠤᠷᠢᠭ᠂ ᠰᠠᠶᠢᠬᠠᠨ ᠲᠣᠭᠤᠷᠢᠭ ᠤᠨ ᠲᠤᠬᠠᠢ ᠶᠢᠨ ᠲᠠᠯᠠᠪᠠᠢ ᠶᠢᠨ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠨ᠎ᠠ︔ ᠬᠤᠶᠠᠷ ᠲᠤ᠂ ᠢᠦᠢ ᠴᠢᠤᠸᠠᠨ ᠲᠣᠭᠤᠷᠢᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠠᠶᠢᠳᠠᠯ ᠢ ᠮᠡᠳᠡᠭᠳᠡᠪᠡ︔ ᠬᠠᠮᠤᠭ ᠤᠨ ᠰᠡᠭᠦᠯ ᠳᠤ ᠬᠤᠷᠠᠯ ᠳᠤ ᠣᠷᠣᠯᠴᠠᠭᠰᠠᠨ ᠪᠦᠬᠦ ᠪᠠᠶᠢᠩᠭᠤ ᠶᠢᠨ ᠭᠡᠰᠢᠭᠦᠨ᠂ ᠭᠡᠰᠢᠭᠦᠳ ᠮᠠᠨ ᠤ ᠲᠤᠭᠤᠷᠢᠭ ᠤᠨ ᠬᠥᠭᠵᠢᠯᠲᠡ ᠬᠤᠪᠢᠷᠠᠯᠲᠠ ᠳᠤ ᠴᠢᠭᠯᠡᠭᠦᠯᠦᠨ ᠲᠦᠷᠦᠭᠳᠡᠯ ᠢᠶᠠᠨ ᠶᠠᠷᠢᠵᠤ᠂ ᠮᠠᠨ ᠤ ᠲᠤᠭᠤᠷᠢᠭ ᠤᠨ ︽ᠰᠣᠶᠣᠯ ᠢ ᠳᠡᠭᠡᠳᠦᠯᠡᠬᠦ ᠰᠤᠷᠭᠠᠨ ᠬᠦᠮᠦᠵᠢᠯ ᠢ ᠴᠢᠬᠤᠯᠠᠴᠢᠯᠠᠬᠤ ᠬᠤᠳᠠᠯᠳᠤᠭ᠎ᠠ ᠡᠵᠡᠩᠨᠡᠬᠦ ᠪᠠᠶᠢᠭᠠᠯᠢ ᠶᠢ ᠡᠷᠬᠢᠯᠮᠡᠬᠦ︾ ᠬᠥᠭᠵᠢᠯᠲᠡ ᠶᠢᠨ ᠰᠡᠳᠬᠢᠴᠡ ᠳᠤ ᠴᠢᠭᠯᠡᠭᠦᠯᠵᠦ᠂ ᠭᠡᠰᠢᠭᠦᠳ ᠤᠨ ᠭᠤᠣᠯ ᠴᠣᠭᠴᠠ ᠶᠢᠨ ᠦᠢᠯᠡᠳᠦᠯ ᠢ ᠪᠠᠳᠠᠷᠠᠭᠤᠯᠵᠤ᠂ ︽ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠳᠠᠰᠬᠠᠯ︾ ᠲᠤᠰᠢᠶᠠᠪᠠ᠃      ᠶᠠᠷᠢᠯᠴᠠᠬᠤ ᠬᠤᠷᠠᠯ ᠳᠡᠭᠡᠷ᠎ᠡ᠂ ᠭᠡᠰᠢᠭᠦᠳ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠦᠢᠯᠡᠳᠦᠯᠭᠡ ᠪᠠ ᠪᠣᠳᠣᠯᠬᠢᠯᠠᠯ ᠲᠠᠢ ᠪᠠᠨ ᠤᠶᠠᠯᠳᠤᠭᠤᠯᠤᠨ᠂ ᠠᠰᠠᠭᠤᠳᠠᠯ ᠢ ᠶᠠᠷᠢᠯᠴᠠᠵᠤ᠂ ᠰᠠᠨᠠᠭᠤᠯᠭ᠎ᠠ ᠳᠤᠷᠠᠳᠴᠤ᠂ ᠪᠤᠳᠤᠭᠰᠠᠨ ᠰᠠᠨᠠᠭᠰᠠᠨ ᠢᠶᠠᠨ ᠠᠭᠤᠵᠢᠷᠠᠲᠠᠯ᠎ᠠ ᠶᠠᠷᠢᠵᠤ᠂ ᠰᠠᠨᠠᠯ ᠢᠶᠠᠨ ᠭᠦᠨᠵᠡᠭᠡᠢ ᠰᠣᠯᠢᠯᠴᠠᠵᠤ᠂ ᠭᠡᠰᠢᠭᠦᠳ ᠤᠨ ᠦᠢᠯᠡᠳᠦᠯ ᠢ ᠪᠠᠳᠠᠷᠠᠭᠤᠯᠬᠤ᠂ ᠴᠢᠨᠠᠷ ᠰᠠᠶᠢᠲᠠᠢ ᠬᠥᠭᠵᠢᠯᠲᠡ ᠳᠤ ᠨᠡᠩ ᠰᠠᠶᠢᠲᠤᠷ ᠦᠢᠯᠡᠴᠢᠯᠡᠬᠦ ᠶᠢᠨ ᠲᠣᠭᠤᠷᠢᠨ ᠳᠤ ᠴᠥᠭᠡᠨ ᠪᠤᠰᠤ ᠰᠠᠨᠠᠯ ᠰᠠᠨᠠᠭᠤᠯᠭ᠎ᠠ ᠳᠤᠷᠠᠳᠴᠠᠢ᠃ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠢᠯᠡᠷᠬᠡᠶᠢᠯᠡᠬᠦ ᠳᠡᠭᠡᠨ᠂ ᠲᠣᠰ ᠤᠳᠠᠭᠠᠨ ᠤ ᠰᠤᠷᠤᠯᠴᠠᠵᠤ ᠲᠣᠭᠤᠷᠢᠨ ᠦᠵᠡᠬᠦ ᠪᠠᠷ ᠠᠵᠠ ᠲᠣᠬᠢᠶᠠᠯ ᠪᠣᠯᠭᠠᠵᠤ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠴᠢᠳᠠᠪᠤᠷᠢ ᠪᠠᠨ ᠦᠷᠭᠦᠯᠵᠢᠯᠡᠨ ᠳᠡᠭᠡᠭᠰᠢᠯᠡᠭᠦᠯᠵᠦ᠂ ᠢᠳᠡᠪᠬᠢᠲᠡᠶ ᠪᠠᠷ ᠠᠷᠭ᠎ᠠ ᠤᠬᠠᠭᠠᠨ ᠭᠠᠷᠭᠠᠵᠤ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠤ ᠦᠢᠯᠡᠳᠦᠯ ᠢ ᠪᠠᠳᠠᠷᠠᠭᠤᠯᠤᠨ᠎ᠠ᠃ ᠭᠤᠣᠯ ᠠᠵᠢᠯ ᠪᠣᠯᠤᠨ ᠤᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠶᠢᠨ ᠲᠣᠭᠤᠷᠢᠨ ᠳᠤ᠂ ᠣᠷᠭᠢᠯᠤᠮ᠎ᠠ ᠬᠠᠯᠠᠭᠤᠨ ᠤᠯᠤᠰ ᠲᠦᠷᠦ ᠶᠢᠨ ᠬᠠᠯᠠᠭᠤᠨ ᠰᠡᠳᠬᠢᠯᠭᠡ ᠪᠣᠯᠤᠨ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠪᠠᠷ ᠢᠦᠢ ᠴᠢᠤᠸᠠᠨ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠨ᠎ᠡ᠃
ᠢᠷᠡᠯᠲᠡ᠄ ᠢᠦᠶ ᠴᠢᠤᠸᠠᠨ ᠲᠣᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ