ᠰᠢᠨ᠎ᠡ ᠬᠤᠲᠠ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠪᠥᠬᠦ ᠲᠣᠭᠤᠷᠢᠭ ᠤᠨ ᠭᠤᠤᠯᠳᠠᠯᠭ᠎ᠠ ᠲᠠᠢ ᠲᠥᠷᠥᠯ ᠵᠦᠢᠯ ᠢ ᠪᠠᠶᠢᠴᠠᠭᠠᠨ ᠦᠵᠡᠪᠡ
ᠨᠡᠶᠢᠲᠡᠯᠡᠭᠰᠡᠨ ᠴᠠᠭ᠄
2023/9/7
      9 ᠰᠠᠷ᠎ᠠ ᠶᠢᠨ 5 ᠤ ᠡᠳᠦᠷ᠂ ᠰᠢᠨ᠎ᠡ ᠬᠤᠳᠠ ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠪᠦᠬᠦ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠢ ᠵᠣᠬᠢᠶᠠᠨ ᠪᠠᠶᠢᠭᠤᠯᠵᠤ ᠪᠦᠬᠦ ᠲᠣᠭᠤᠷᠢᠭ ᠤᠨ ᠭᠤᠤᠯᠳᠠᠯᠭ᠎ᠠ ᠲᠠᠢ ᠲᠥᠷᠥᠯ ᠵᠦᠢᠯ ᠢ ᠪᠠᠶᠢᠴᠠᠭᠠᠨ ᠦᠵᠡᠪᠡ᠃ ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠵᠠᠩ ᠫᠧᠩ ᡁᠢ᠂ ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ 130 ᠭᠠᠷᠤᠢ ᠭᠡᠰᠢᠭᠦᠨ ᠰᠢᠨᠵᠢᠯᠡᠨ ᠪᠠᠶᠢᠴᠠᠭᠠᠬᠤ ᠳᠤ ᠣᠷᠣᠯᠴᠠᠪᠠ᠃      ᠭᠡᠰᠢᠭᠦᠳ ᠤᠷᠢᠳ ᠬᠤᠵᠢᠳ ᠬᠥᠬᠡᠬᠤᠲᠠ ᠶᠢᠨ ᠠᠵᠢᠯ ᠮᠡᠷᠭᠡᠵᠢᠯ ᠤᠨ ᠬᠡᠷ ᠪᠦᠯᠢ ᠶᠢᠨ ᠬᠦᠷᠢᠶᠡᠯᠡᠩ ᠤᠨ ᠬᠠᠭᠤᠴᠢᠨ ᠵᠢᠵᠢᠭ ᠲᠣᠭᠤᠷᠢᠭ ᠤᠨ ᠥᠭᠡᠷᠡᠴᠢᠯᠡᠯᠲᠡ ᠶᠢᠨ ᠲᠥᠷᠥᠯ ᠵᠦᠢᠯ᠂ ᠬᠥᠬᠡᠬᠤᠲᠠ ᠶᠢᠨ ᠲᠣᠭᠠᠴᠢᠯᠠᠭᠰᠠᠨ ᠠᠵᠤ ᠠᠬᠤᠶ ᠶᠢᠨ ᠠᠵᠤ ᠦᠢᠯᠡᠰ ᠤᠨ ᠬᠦᠷᠢᠶᠡᠯᠡᠩ᠂ ᠰᠢᠨᠵᠢᠯᠡᠬᠦ ᠤᠬᠠᠭᠠᠨ ᠮᠡᠷᠭᠡᠵᠢᠯ ᠤᠨ ᠬᠤᠲᠠ ᠶᠢᠨ ᠠᠵᠤ ᠠᠬᠤᠶᠢᠯᠠᠯ ᠤᠨ ᠶᠡᠷᠦᠩᠬᠡᠶ ᠬᠡᠯᠲᠡᠰ ᠤᠨ ᠰᠠᠭᠤᠷᠢᠨ ᠭᠠᠵᠠᠷ᠂ ᠰᠢᠨ᠎ᠡ ᠬᠤᠲᠠ ᠲᠣᠭᠤᠷᠢᠭ ᠤᠨ ᠠᠷᠪᠠᠨ ᠭᠤᠷᠪᠠᠳᠤᠭᠠᠷ ᠬᠡᠤᠬᠡᠳ ᠤᠨ ᠴᠡᠴᠡᠷᠯᠢᠭ᠂ ᠨᠢᠭᠡᠳᠦᠭᠡᠷ ᠲᠤᠷᠰᠢᠯᠲᠠ ᠶᠢᠨ ᠪᠠᠭ᠎ᠠ ᠰᠤᠷᠭᠠᠭᠤᠯᠢ ᠶᠢ ᠲᠣᠭᠤᠷᠢᠨ ᠦᠵᠡᠪᠡ᠃      ᠬᠥᠬᠡᠬᠤᠲᠠ ᠶᠢᠨ ᠲᠤᠰᠢᠶᠠᠯᠲᠠᠨ ᠤ ᠬᠡᠷ ᠪᠦᠯᠢ ᠶᠢᠨ ᠬᠦᠷᠢᠶᠡᠯᠡᠩ ᠪᠣᠯ 2023 ᠣᠨ ᠤ ᠰᠢᠨ᠎ᠡ ᠬᠤᠲᠠ ᠲᠣᠭᠤᠷᠢᠭ ᠤᠨ ᠬᠠᠭᠤᠴᠢᠨ ᠵᠢᠵᠢᠭ ᠲᠣᠭᠤᠷᠢᠭ ᠢ ᠥᠭᠡᠷᠡᠴᠢᠯᠡᠨ ᠪᠠᠶᠢᠭᠤᠯᠬᠤ 40 ᠲᠥᠷᠥᠯ ᠵᠦᠢᠯ ᠤᠨ ᠨᠢᠭᠡ ᠪᠣᠯᠤᠨ᠎ᠠ᠃ ᠲᠣᠰ ᠤᠳᠠᠭᠠᠨ ᠤ ᠥᠭᠡᠷᠡᠴᠢᠯᠡᠯᠲᠡ ᠳᠤ ᠴᠢᠩᠭ᠎ᠠ ᠰᠤᠯᠠ ᠪᠠᠷ ᠴᠠᠬᠢᠯᠭᠠᠨ ᠢᠶᠠᠷ ᠭᠠᠵᠠᠷ ᠣᠷᠣᠭᠤᠯᠬᠤ᠂ ᠪᠠᠷᠢᠯᠭ᠎ᠠ ᠠᠴᠠ ᠵᠥᠷᠢᠴᠡᠨ ᠨᠤᠷᠠᠭᠠᠵᠤ ᠬᠠᠶᠠᠬᠤ᠂ ᠨᠣᠭᠤᠭᠠᠷᠠᠭᠤᠯᠤᠯᠲᠠ ᠶᠢᠨ ᠦᠵᠡᠮᠵᠢ ᠶᠢ ᠨᠡᠮᠡᠭᠳᠡᠭᠦᠯᠬᠦ᠂ ᠤᠶᠤᠨᠲᠤ ᠡᠭᠦᠳᠡᠨ ᠬᠤᠷᠢᠭ᠎ᠠ ᠤᠭᠰᠠᠷᠠᠬᠤ ᠵᠡᠷᠭᠡ 36 ᠵᠦᠢᠯ ᠤᠨ ᠠᠭᠤᠯᠭ᠎ᠠ ᠶᠢ ᠨᠡᠮᠡᠬᠦ ᠪᠠᠷ ᠳᠠᠮᠵᠢᠭᠤᠯᠤᠨ᠂ ᠬᠤᠷᠢᠶᠠᠯᠠᠯ ᠤᠨ ᠳᠣᠲᠣᠷᠠᠬᠢ ᠣᠷᠴᠢᠨ ᠲᠣᠭᠤᠷᠢᠨ ᠢ ᠳᠡᠭᠡᠭᠰᠢᠯᠡᠭᠦᠯᠵᠦ᠂ ᠵᠢᠵᠢᠭ ᠲᠣᠭᠤᠷᠢᠭ ᠤᠨ ᠳᠣᠲᠣᠷᠠᠬᠢ ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠬᠦ ᠶᠢᠨ ᠬᠠᠮᠲᠤ ᠢᠨᠲ᠋ᠧᠷ ᠰᠦᠯᠵᠢᠶ᠎ᠡ᠂ ᠡᠭᠦᠯᠡᠨ ᠪᠤᠳᠤᠯᠳᠠ᠂ ᠲᠤᠮᠤ ᠳ᠋ᠠᠶᠢᠲ᠋ᠠ ᠵᠡᠷᠭᠡ ᠮᠡᠷᠭᠡᠵᠢᠯ ᠢ ᠣᠷᠣᠭᠤᠯᠤᠨ ᠠᠪᠴᠢᠷᠠᠵᠤ᠂ ᠨᠡᠶᠢᠭᠡᠮ ᠲᠣᠭᠤᠷᠢᠭ ᠤᠨ ᠣᠶᠤᠨᠴᠢ ᠰᠡᠷᠡᠯ ᠤᠨ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠠᠬᠢᠭᠤᠯᠵᠤ᠂ ᠠᠮᠤᠷ ᠲᠦᠪᠰᠢᠨ ᠡᠷᠡᠭᠦᠯ ᠮᠡᠨᠳᠦ᠂ ᠲᠥᠬᠦᠭᠡᠷᠦᠮᠵᠢ ᠪᠦᠷᠢᠨ ᠲᠡᠭᠦᠯᠳᠡᠷ᠂ ᠬᠠᠮᠢᠶᠠᠷᠤᠯᠲᠠ ᠡᠮᠬᠢ ᠳᠢᠭᠯᠢᠮ ᠲᠠᠢ ᠪᠦᠷᠢᠨ ᠪᠦᠲᠦᠨ ᠨᠡᠶᠢᠭᠡᠮ ᠲᠣᠭᠤᠷᠢᠭ ᠤᠨ ᠬᠡᠪ ᠵᠠᠭᠪᠤᠷ ᠢ ᠬᠦᠴᠦᠯᠡᠨ ᠪᠦᠳᠦᠭᠡᠨ ᠪᠠᠶᠢᠭᠤᠯᠪᠠ᠃      ᠰᠢᠨ᠎ᠡ ᠬᠤᠲᠠ ᠲᠣᠭᠤᠷᠢᠭ ᠤᠨ ᠨᠢᠭᠡᠳᠦᠭᠡᠷ ᠲᠤᠷᠰᠢᠯᠲᠠ ᠶᠢᠨ ᠪᠠᠭ᠎ᠠ ᠰᠤᠷᠭᠠᠭᠤᠯᠢ ᠪᠣᠯ ᠰᠢᠨ᠎ᠡ ᠬᠤᠲᠠ ᠲᠣᠭᠤᠷᠢᠭ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠬᠥᠭᠵᠢᠯᠲᠡ ᠶᠢᠨ ᠭᠤᠷᠪᠠᠨ ᠵᠢᠯ ᠤᠨ ᠠᠵᠢᠯᠯᠠᠭ᠎ᠠ ᠶᠢᠨ ᠭᠤᠤᠯᠳᠠᠯᠭ᠎ᠠ ᠲᠠᠢ ᠪᠥᠲᠥᠭᠡᠨ ᠪᠠᠶᠢᠭᠤᠯᠬᠤ ᠰᠤᠷᠭᠠᠭᠤᠯᠢ ᠶᠢᠨ ᠲᠥᠷᠥᠯ ᠵᠦᠢᠯ ᠤᠨ ᠨᠢᠭᠡ ᠪᠣᠯᠤᠨ᠎ᠠ᠂ 48 ᠵᠢᠭᠠᠨ ᠰᠤᠷᠭᠠᠯᠲᠠ ᠶᠢᠨ ᠠᠩᠭᠢ ᠡᠷᠭᠢᠯᠡᠵᠦ ᠪᠣᠯᠬᠤ ᠪᠥᠭᠡᠳ 2160 ᠰᠣᠷᠣᠭᠴᠢ ᠡᠯᠰᠡᠵᠦ᠂ ᠡᠷᠬᠢᠨ ᠲᠣᠭᠤᠷᠢᠨ ᠤ 9 ᠠᠰᠠᠷ ᠤᠨ 27 ᠣᠷᠣᠨ ᠰᠠᠭᠤᠴᠠ ᠶᠢᠨ ᠵᠢᠵᠢᠭ ᠲᠣᠭᠤᠷᠢᠭ ᠤᠨ ᠰᠤᠷᠭᠠᠭᠤᠯᠢ ᠳᠤ ᠣᠷᠣᠬᠤ ᠨᠠᠰᠤᠨ ᠤ ᠬᠡᠤᠬᠡᠳ ᠤᠨ ︽ᠰᠤᠷᠭᠠᠭᠤᠯᠢ ᠳᠤ ᠣᠷᠣᠬᠤ ᠳᠤ ᠠᠮᠠᠷ᠂ ᠰᠠᠶᠢᠨ ᠰᠤᠷᠭᠠᠭᠤᠯᠢ ᠳᠤ ᠣᠷᠣᠬᠤ︾ ᠪᠠᠶᠢᠬᠤ ᠬᠡᠷᠡᠭᠴᠡᠭᠡ ᠶᠢ ᠬᠠᠩᠭᠠᠵᠤ ᠳᠡᠶᠢᠯᠬᠦ ᠪᠣᠯᠤᠨ᠎ᠠ᠃      ᠰᠢᠨᠵᠢᠯᠡᠨ ᠪᠠᠶᠢᠴᠠᠭᠠᠬᠤ ᠳᠤᠮᠳᠠ᠂ ᠭᠡᠰᠢᠭᠦᠳ ᠰᠢᠨ᠎ᠡ ᠬᠤᠳᠠ ᠶᠢᠨ ᠲᠣᠭᠤᠷᠢᠭ ᠤᠨ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠰᠢᠨ᠎ᠡ ᠠᠬᠢᠴᠠ ᠶᠢ ᠨᠠᠷᠢᠨ ᠣᠶᠢᠯᠠᠭᠠᠵᠤ᠂ ᠡᠨᠡ ᠵᠢᠯ ᠠᠴᠠ ᠨᠠᠰᠢᠬᠢ ᠰᠢᠨ᠎ᠡ ᠬᠤᠳᠠ ᠲᠣᠭᠤᠷᠢᠭ ᠤᠨ ᠣᠯᠤᠭᠰᠠᠨ ᠡᠯ᠎ᠡ ᠵᠦᠢᠯ ᠤᠨ ᠠᠵᠢᠯ ᠤᠨ ᠠᠮᠵᠢᠯᠲᠠ ᠶᠢ ᠨᠤᠲᠠᠯᠠᠵᠤ ᠪᠠᠶᠢᠬᠤ ᠪᠠᠨ ᠢᠯᠡᠳᠬᠡᠪᠡ᠃ ᠭᠡᠰᠢᠭᠦᠳ᠂ ᠬᠤᠶᠢᠰᠢᠳᠠ ᠥᠪᠡᠷ ᠤᠨ ᠡᠭᠦᠷᠭᠡ ᠬᠠᠷᠢᠭᠤᠴᠠᠯᠭ᠎ᠠ ᠪᠠᠨ ᠦᠷᠭᠦᠯᠵᠢᠯᠡᠨ ᠰᠠᠶᠢᠲᠤᠷ ᠭᠦᠢᠴᠡᠳᠬᠡᠵᠦ᠂ ᠢᠳᠡᠪᠬᠢᠲᠡᠢ ᠪᠠᠷ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠵᠤ᠂ ᠰᠠᠨᠠᠯ ᠳᠤᠷᠠᠳᠤᠯᠭ᠎ᠠ ᠶᠢ ᠦᠨᠡᠨᠬᠦ ᠭᠦᠨᠵᠡᠭᠡᠢ ᠬᠢᠵᠦ ᠂ ᠴᠢᠨᠠᠷ ᠰᠠᠶᠢᠲᠠᠢ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠪᠦᠬᠦ ᠲᠣᠭᠤᠷᠢᠭ ᠤᠨ ᠡᠯ᠎ᠡ ᠵᠦᠢᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ ᠭᠡᠵᠦ ᠢᠯᠡᠳᠬᠡᠵᠡᠭᠡᠪᠡ᠃
ᠢᠷᠡᠯᠲᠡ᠄ ᠰᠢᠨ᠎ᠡ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ