2023 ᠳᠤᠮᠳᠠᠳᠤ ᠮᠤᠩᠭᠤᠯ ᠤᠷᠤᠰ ᠤᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠎ᠠ ᠶᠢᠨ ᠰᠢᠨ᠎ᠡ ᠲᠤᠬᠢᠶᠠᠯ ᠤᠨ ᠶᠠᠷᠢᠶᠠᠨ ᠤ ᠳᠠᠪᠴᠠᠩ ᠬᠦᠬᠡᠬᠤᠲᠠ ᠳᠤ ᠶᠠᠪᠤᠭᠳᠠᠪᠠ
ᠨᠡᠶᠢᠲᠡᠯᠡᠭᠰᠡᠨ ᠴᠠᠭ᠄
2023/9/7
       ᠥᠪᠥᠷ ᠮᠣᠩᠭᠤᠯ ᠤᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠨᠠᠮᠤᠭ︶ 9 ᠰᠠᠷ᠎ᠠ ᠶᠢᠨ 6 ᠤ ᠦᠳᠡ ᠶᠢᠨ ᠬᠤᠶᠢᠨ᠎ᠠ᠂ ᠳᠦᠷᠪᠡᠳᠦᠭᠡᠷ ᠬᠤᠭᠤᠴᠠᠭᠠᠨ ᠤ ᠳᠤᠮᠳᠠᠳᠤ ᠮᠣᠩᠭᠤᠯ ᠤᠨ ᠦᠵᠡᠰᠬᠦᠯᠡᠩ ᠤᠨ ᠴᠤᠭᠯᠠᠭᠠᠨ ᠤ ᠨᠢᠭᠡᠨ ᠠᠭᠤᠯᠭ᠎ᠠ ᠪᠤᠯᠬᠤ ︽2023 ᠳᠤᠮᠳᠠᠳᠤ ᠮᠤᠩᠭᠤᠯ ᠤᠷᠤᠰ ᠤᠨ ᠬᠢᠯᠢ  ᠠᠯᠤᠰᠯᠠᠭᠰᠠᠨ ᠡᠯᠧᠺᠲᠷᠣᠨ ᠬᠤᠳᠠᠯᠳᠤᠭ᠎ᠠ ᠶᠢᠨ ᠰᠢᠨ᠎ᠡ ᠠᠵᠠ ᠲᠤᠬᠢᠶᠠᠯ ᠤᠨ ᠶᠠᠷᠢᠶᠠᠨ ᠤ ᠳᠠᠪᠴᠠᠩ︾ ᠬᠦᠬᠡᠬᠤᠲᠠ ᠶᠢᠨ ᠴᠡᠯᠡᠭᠡᠷ ᠲᠠᠯ᠎ᠠ ᠤᠯᠠᠨ ᠤᠯᠤᠰ ᠤᠨ ᠬᠤᠷᠠᠯ ᠦᠵᠡᠰᠬᠦᠯᠡᠩ ᠤᠨ ᠲᠥᠪ ᠲᠤ ᠶᠠᠪᠤᠭᠳᠠᠪᠠ᠃      ᠶᠠᠷᠢᠶᠠᠨ ᠤ ᠳᠠᠪᠴᠠᠩ ᠳᠡᠭᠡᠷ᠎ᠡ᠂ ᠬᠦᠬᠡᠬᠤᠲᠠ ᠶᠢᠨ ᠰᠠᠶᠢᠬᠠᠨ ᠪᠤᠭᠤᠮᠲᠠ ᠪᠤᠯᠤᠨ ᠬᠦᠬᠡᠬᠤᠲᠠ ᠶᠢᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠤᠷᠤᠨ ᠠᠴᠠ RCEP᠂ ᠠᠽᠢᠶ᠎ᠠ ᠲᠢᠪ ᠨᠤᠮᠤᠬᠠᠨ ᠳᠠᠯᠠᠢ ᠶᠢᠨ ᠤᠷᠤᠨ ᠤ ᠠᠷᠠᠯᠵᠢᠶᠠᠨ ᠤ ᠵᠥᠪᠲᠡᠯᠴᠡᠬᠡᠷ ᠵᠢᠴᠢ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠤᠷᠤᠨ ᠳᠤ ᠤᠷᠤᠵᠤ ᠰᠠᠭᠤᠬᠤ ᠵᠢᠴᠢ ᠬᠥᠬᠡᠬᠤᠲᠠ ᠶᠢᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠤᠷᠤᠨ ᠤ ᠠᠷᠠᠯᠵᠢᠶᠠᠴᠢᠨ ᠤᠷᠢᠬᠤ ᠲᠤᠬᠠᠢ ᠲᠦᠷᠦ ᠶᠢᠨ ᠪᠣᠳᠣᠯᠭ᠎ᠠ ᠶᠢᠨ ᠲᠠᠶᠢᠯᠤᠮᠵᠢ ᠬᠢᠪᠡ᠃ ᠤᠯᠤᠰ ᠤᠨ ᠳᠣᠲᠣᠭᠠᠳᠤ ᠶᠢᠨ ᠲᠤᠰᠬᠠᠢ ᠮᠡᠷᠭᠡᠵᠢᠯᠲᠡᠨ ᠡᠷᠳᠡᠮᠲᠡᠳ ᠠᠴᠠ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠪᠦᠬᠦ ᠪᠥᠮᠪᠥᠷᠴᠡᠭ ᠤᠨ ᠡᠵᠡᠩᠨᠡᠯᠲᠡ ᠪᠣᠷᠣᠯᠠᠭᠤᠯᠤᠯᠲᠠ᠂ ᠮᠡᠷᠭᠡᠵᠢᠯ ᠤᠨ ᠰᠤᠳᠤᠯᠤᠨ ᠨᠡᠭᠡᠭᠡᠯᠲᠡ᠂ ᠡᠵᠡᠩᠨᠡᠯᠲᠡ ᠶᠢᠨ ᠦᠢᠯᠡᠴᠢᠯᠡᠭᠡ ᠵᠢᠴᠢ ᠤᠯᠠᠨ ᠲᠦᠷᠦᠯ ᠤᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠰᠤᠳᠤᠯᠤᠨ ᠨᠡᠭᠡᠭᠡᠯᠳᠠ ᠪᠣᠯᠤᠨ ᠴᠢᠳᠠᠪᠤᠷᠢᠲᠠᠨ ᠢ ᠬᠥᠮᠦᠵᠢᠭᠦᠯᠬᠦ ᠵᠡᠷᠭᠡ ᠠᠭᠤᠯᠭ᠎ᠠ ᠶᠢᠨ ᠲᠤᠭᠤᠷᠢᠨ ᠳᠤ ᠲᠠᠶᠢᠯᠤᠮᠵᠢ ᠬᠢᠭᠰᠡᠨ ᠪᠠᠶᠢᠨ᠎ᠠ᠃      ᠶᠠᠷᠢᠶᠠᠨ ᠤ ᠳᠠᠪᠴᠠᠩ ᠢ ᠬᠦᠬᠡᠬᠤᠲᠠ ᠶᠢᠨ ᠤᠯᠠᠨ ᠤᠯᠤᠰ ᠤᠨ ᠬᠤᠳᠠᠯᠳᠤᠭᠠᠨ ᠤ ᠨᠡᠶᠢᠭᠡᠮᠯᠢᠭ ᠠᠴᠠ ᠭᠤᠣᠯᠯᠠᠨ ᠡᠷᠬᠢᠯᠡᠵᠦ᠂ ᠥᠪᠥᠷ ᠮᠣᠩᠭᠤᠯ ᠤᠨ ᠳᠠᠶᠠᠭᠠᠷ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠤᠮᠫᠠᠨᠢ᠂ ᠡᠷᠢᠶᠡᠨ ᠬᠤᠲᠠ ᠶᠢᠨ ᠡᠯᠧᠺᠲᠷᠣᠨ ᠬᠤᠳᠠᠯᠳᠤᠭᠠᠨ ᠤ ᠵᠦᠪᠯᠡᠯ ᠵᠡᠷᠭᠡ ᠠᠴᠠ ᠳᠠᠭᠠᠭᠠᠴᠢᠯᠠᠨ ᠡᠷᠬᠢᠯᠡᠵᠦ᠂ ᠳᠤᠮᠳᠠᠳᠤ ᠮᠤᠩᠭᠤᠯ ᠤᠷᠤᠰ ᠭᠤᠷᠪᠠᠨ ᠤᠯᠤᠰ ᠵᠢᠴᠢ ᠬᠠᠮᠢᠶ᠎ᠠ ᠪᠦᠬᠦᠢ ᠬᠤᠲᠠ ᠶᠢᠨ ᠵᠠᠰᠠᠭ ᠤᠨ ᠤᠷᠳᠤᠨ ᠤ ᠪᠠᠶᠢᠭᠤᠯᠤᠮᠵᠢ᠂ ᠬᠤᠳᠠᠯᠳᠤᠭᠠᠨ ᠤ ᠶᠠᠪᠤᠳᠠᠯ ᠠᠷᠠᠯᠵᠢᠶᠠᠨ ᠤ ᠬᠠᠮᠢᠶᠠᠷᠤᠯᠲᠠ ᠶᠢᠨ ᠭᠠᠵᠠᠷ᠂ ᠬᠤᠲᠠᠯᠲᠤᠭᠠᠨ ᠤ ᠨᠡᠶᠢᠭᠡᠮᠯᠢᠭ᠂ ᠠᠵᠤ ᠠᠬᠤᠶᠢᠯᠠᠯ᠂ ᠰᠤᠨᠢᠨ ᠮᠡᠳᠡᠬᠡᠨ ᠤ ᠵᠠᠭᠤᠴᠢᠯᠠᠭᠤᠷ ᠵᠢᠴᠢ ᠡᠯ᠎ᠡ ᠶᠡᠭᠡ ᠳᠡᠭᠡᠳᠤ ᠰᠤᠷᠭᠠᠭᠤᠯᠢ ᠶᠢᠨ ᠪᠠᠭᠰᠢ ᠰᠤᠷᠤᠭᠴᠢ ᠵᠡᠷᠭᠡ 150 ᠭᠠᠷᠤᠢ ᠬᠥᠮᠥᠨ ᠣᠷᠣᠯᠴᠠᠪᠠ᠃
ᠢᠷᠡᠯᠲᠡ᠄ ᠦᠪᠦᠷ ᠮᠤᠩᠭᠤᠯ ᠤᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ