︵ᠰᠤᠷᠪᠤᠯᠵᠢᠯᠠᠭᠴᠢ ᠯᠢᠦ ᠯᠢ ᠰᠢᠶᠠ︶ 9 ᠳ᠋ᠦ᠋ᠭᠡᠷ ᠰᠠᠷ᠎ᠠ ᠶᠢᠨ 7 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠠᠴᠠ ᠭᠤᠣᠯᠯᠠᠨ ᠡᠷᠬᠢᠯᠡᠵᠦ᠂ ᠥᠪᠡᠷᠲᠡᠭᠡᠨ ᠵᠠᠰᠠᠬᠤ ᠣᠷᠣᠨ ᠤ ᠰᠣᠶᠣᠯ ᠵᠢᠭᠤᠯᠴᠢᠯᠠᠯ ᠤᠨ ᠲᠢᠩᠬᠢᠮ ᠠᠴᠠ ᠳᠠᠭᠠᠭᠠᠴᠢᠯᠠᠨ ᠡᠷᠬᠢᠯᠡᠭᠰᠡᠨ | ᠳᠥᠷᠪᠡᠳᠦᠭᠡᠷ ᠬᠤᠭᠤᠴᠠᠭᠠᠨ ᠤ ᠳᠤᠮᠳᠠᠳᠤ ᠮᠣᠩᠭᠤᠯ ᠤᠨ ᠦᠵᠡᠰᠬᠦᠯᠡᠩ ᠤᠨ ᠴᠤᠭᠯᠠᠭᠠᠨ ᠤ ︽ᠲᠦᠮᠡᠨ ᠭᠠᠵᠠᠷ ᠤᠨ ᠴᠠᠢ ᠶᠢᠨ ᠵᠠᠮ︾ ᠤᠯᠠᠨ ᠤᠯᠤᠰ ᠤᠨ | ᠰᠣᠶᠣᠯ ᠵᠢᠭᠤᠯᠴᠢᠯᠠᠯ ᠤᠨ ᠲᠠᠨᠢᠯᠴᠠᠭᠤᠯᠭ᠎ᠠ ᠶᠢᠨ ᠬᠤᠷᠠᠯ ᠬᠥᠬᠡᠬᠤᠲᠠ ᠳᠤ ᠬᠤᠷᠠᠯᠳᠤᠪᠠ᠃ | ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠯᠥᠸᠧ ᡁᠢ ᠬᠤ᠋ ᠬᠤᠷᠠᠯ ᠳᠤ ᠣᠷᠣᠯᠴᠠᠵᠤ ᠪᠠᠶᠠᠷ ᠤᠨ | ᠦᠭᠡ ᠬᠡᠯᠡᠪᠡ᠃ | ᠯᠥᠸᠧ ᡁᠢ ᠬᠤ᠋ ᠪᠠᠶᠠᠷ ᠤᠨ ᠦᠭᠡ ᠳᠡᠭᠡᠨ᠂ ︽ᠲᠦᠮᠡᠨ ᠭᠠᠵᠠᠷ ᠤᠨ ᠴᠠᠢ ᠶᠢᠨ ᠵᠠᠮ︾ ᠪᠣᠯ 300 ᠵᠢᠯ ᠤᠨ ᠡᠮᠦᠨ᠎ᠡ ᠳᠤᠮᠳᠠᠳᠤ ᠤᠯᠤᠰ ᠤᠨ | ᠬᠤᠳᠠᠯᠳᠤᠭᠠᠴᠢᠳ ᠤᠨ ᠴᠠᠢ ᠪᠠᠷ ᠵᠠᠭᠤᠴᠢᠯᠠᠭᠤᠷ ᠪᠣᠯᠭᠠᠵᠤ ᠭᠠᠷᠭᠠᠭᠰᠠᠨ ᠠᠷᠠᠯᠵᠢᠶᠠᠨ ᠤ ᠵᠠᠮ ᠪᠣᠯᠣᠨ᠎ᠠ᠂ ᠡᠯ᠎ᠡ ᠤᠯᠤᠰ ᠤᠨ ᠠᠷᠠᠳ ᠲᠦᠮᠡᠨ ᠤ ᠰᠣᠶᠣᠯ ᠤᠨ | ᠰᠣᠯᠢᠯᠴᠠᠭ᠎ᠠ ᠠᠭᠤᠰᠤᠯᠴᠠᠯ ᠤᠨ ᠪᠣᠯᠪᠠᠰᠤᠨ ᠤ ᠵᠠᠮ ᠪᠣᠯᠣᠨ᠎ᠠ᠂ ᠮᠥᠨᠴᠦ ᠳᠤᠮᠳᠠᠳᠤ ᠤᠷᠤᠰ ᠮᠣᠩᠭᠤᠯ ᠭᠤᠷᠪᠠᠨ ᠤᠯᠤᠰ ᠤᠨ ᠠᠷᠠᠳ ᠲᠦᠮᠡᠨ ᠤ ᠭᠦᠨ | ᠳᠣᠲᠣᠨᠣ ᠨᠥᠬᠦᠷᠯᠡᠯ ᠤᠨ ᠵᠠᠮ ᠪᠣᠯᠣᠨ᠎ᠠ᠃ ᠣᠶᠢᠷ᠎ᠠ ᠶᠢᠨ ᠵᠢᠯ ᠳᠤ᠂ ᠥᠪᠥᠷ ᠮᠣᠩᠭᠤᠯ ᠣᠷᠣᠰ ᠮᠣᠩᠭᠤᠯ ᠢ ᠬᠤᠯᠪᠣᠭᠰᠠᠨ ᠣᠷᠣᠨ ᠪᠠᠶᠢᠷᠢ ᠶᠢᠨ | ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠭᠠᠳᠠᠭᠠᠳᠤ ᠯᠤᠭ᠎ᠠ ᠶᠢᠨ ᠵᠢᠭᠤᠯᠴᠢᠯᠠᠯ ᠤᠨ ᠬᠠᠮᠲᠤᠷᠠᠯᠴᠠᠭ᠎ᠠ ᠪᠠᠨ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ | ᠣᠷᠣᠰ ᠮᠣᠩᠭᠤᠯ ᠤᠯᠤᠰ ᠤᠨ ᠣᠯᠠᠨ ᠭᠠᠵᠠᠷ ᠯᠤᠭ᠎ᠠ ᠰᠢᠯᠤᠭᠤᠨ ᠬᠠᠮᠵᠢᠯᠴᠠᠬᠤ ᠬᠠᠷᠢᠴᠠᠭ᠎ᠠ ᠪᠠᠶᠢᠭᠤᠯᠵᠤ᠂ ᠬᠠᠮᠲᠤᠪᠠᠷ ᠳᠤᠮᠳᠠᠳᠤ ᠣᠷᠣᠰ ᠮᠣᠩᠭᠤᠯ ᠤᠨ ︽ | ᠲᠦᠮᠡᠨ ᠭᠠᠵᠠᠷ ᠤᠨ ᠴᠠᠢ ᠶᠢᠨ ᠵᠠᠮ︾ ᠣᠯᠠᠨ ᠤᠯᠤᠰ ᠤᠨ ᠬᠤᠪᠢ ᠶᠢᠨ ᠮᠠᠰᠢᠨ ᠲᠡᠷᠭᠡ ᠪᠠᠷ ᠵᠢᠭᠤᠯᠴᠢᠯᠠᠬᠤ ᠬᠥᠳᠡᠯᠭᠡᠭᠡᠨ ᠥᠷᠨᠢᠭᠦᠯᠵᠦ᠂ ︽ᠲᠠᠯ᠎ᠠ | ᠨᠤᠲᠤᠭ ᠤᠨ ᠣᠳᠣᠨ︾ ︽ᠲᠦᠮᠡᠨ ᠭᠠᠵᠠᠷ ᠤᠨ ᠴᠠᠢ ᠶᠢᠨ ᠵᠠᠮ︾ ᠵᠢᠭᠤᠯᠴᠢᠯᠠᠯ ᠤᠨ ᠲᠤᠰᠬᠠᠢ ᠭᠠᠯᠲᠤ ᠲᠡᠷᠭᠡ ᠶᠢ ᠨᠠᠪᠲᠠᠷᠡᠭᠦᠯᠵᠦ᠂ ᠠᠷᠪᠠᠨ ᠵᠢᠯ ᠳᠠᠷᠠᠭᠠᠯᠠᠨ | ︽ᠨᠥᠬᠦᠷᠯᠡᠯ · ᠡᠩᠬᠡ ᠲᠠᠶᠢᠪᠤᠩ · ᠵᠠᠯᠠᠭᠤ ᠡᠯᠴᠢ︾ ᠳᠤᠮᠳᠠᠳᠤ ᠣᠷᠣᠰ ᠮᠣᠩᠭᠤᠯ ᠤᠨ ᠵᠠᠯᠠᠭᠤᠴᠤᠳ ᠪᠠᠭᠠᠴᠤᠳ ᠤᠨ ᠵᠢᠭᠤᠯᠴᠢᠯᠠᠯ ᠤᠨ ᠵᠤᠰᠠᠯᠠᠩ ᠢ | ᠵᠣᠬᠢᠶᠠᠨ ᠪᠠᠶᠢᠭᠤᠯᠵᠤ᠂ ᠳᠤᠮᠳᠠᠳᠤ ᠣᠷᠣᠰ ᠮᠣᠩᠭᠤᠯ ᠭᠤᠷᠪᠠᠨ ᠤᠯᠤᠰ ᠤᠨ ᠰᠣᠯᠢᠯᠴᠠᠭᠠᠨ ᠤ ᠵᠠᠮ ᠢ ᠤᠯᠠᠮ ᠨᠢᠭᠡ ᠠᠯᠬᠤᠮ ᠰᠠᠭᠠᠳ ᠦᠭᠡᠢ ᠨᠡᠪᠲᠡᠷᠡᠭᠦᠯᠪᠡ᠃ | 2023 ᠣᠨ ᠤ 1 ︱ 8 ᠳ᠋ᠤᠭᠠᠷ ᠰᠠᠷ᠎ᠠ ᠳᠤ᠂ ᠥᠪᠥᠷ ᠮᠣᠩᠭᠤᠯ ᠣᠷᠣᠰ ᠤᠨ ᠵᠢᠭᠤᠯᠴᠢᠳ ᠢ 11 ᠲᠦᠮᠡᠨ ᠬᠥᠮᠥᠨ ᠤᠳᠠᠭ᠎ᠠ ᠭᠥᠯᠢᠶᠡᠨ ᠠᠪᠴᠤ᠂ | ᠮᠣᠩᠭᠤᠯ ᠤᠯᠤᠰ ᠤᠨ ᠵᠢᠭᠤᠯᠴᠢᠳ ᠢ 68.4 ᠲᠦᠮᠡᠨ ᠬᠥᠮᠥᠨ ᠤᠳᠠᠭ᠎ᠠ ᠭᠥᠯᠢᠶᠡᠨ ᠠᠪᠴᠤ᠂ ᠲᠣᠰ ᠲᠣᠰ ᠪᠠᠷᠤᠭ ᠪᠥᠬᠦ ᠤᠯᠤᠰ ᠤᠨ ᠬᠦᠯᠢᠶᠡᠨ ᠠᠪᠤᠭᠰᠠᠨ | ᠲᠣᠭᠠᠨ ᠤ 89% ᠪᠠ 90% ᠶᠢ ᠡᠵᠡᠯᠡᠵᠦ᠂ ᠳᠤᠮᠳᠠᠳᠤ ᠤᠯᠤᠰ ᠤᠨ ᠣᠷᠣᠰ ᠮᠣᠩᠭᠤᠯ ᠤᠨ ᠵᠢᠭᠤᠯᠴᠢᠳ ᠢ ᠭᠥᠯᠢᠶᠡᠨ ᠠᠪᠬᠤ ᠴᠢᠬᠤᠯᠠ ᠵᠣᠷᠢᠭᠰᠠᠨ | ᠭᠠᠵᠠᠷ ᠪᠣᠯᠪᠠ︔ ᠡᠭᠦᠨ ᠤ ᠬᠠᠮᠲᠤ᠂ ᠤᠷᠤᠰ ᠮᠣᠩᠭᠤᠯ ᠤᠯᠤᠰ ᠴᠤ ᠥᠪᠥᠷ ᠮᠣᠩᠭᠤᠯ ᠤᠨ ᠵᠢᠭᠤᠯᠴᠢᠳ ᠤᠨ ᠳᠤᠷᠠᠲᠠᠢ ᠵᠣᠷᠢᠭᠰᠠᠨ ᠭᠠᠵᠠᠷ ᠪᠣᠯᠣᠨ᠎ᠠ᠃ | ᠵᠢᠭᠤᠯᠴᠢᠯᠠᠯ ᠨᠢ ᠡᠳᠦᠷ ᠢᠷᠡᠬᠦᠶ᠎ᠡ ᠳᠤᠮᠳᠠᠳᠤ ᠤᠷᠤᠰ ᠮᠣᠩᠭᠤᠯ ᠤᠨ ᠠᠷᠠᠳ ᠲᠦᠮᠡᠨ ᠤ ᠣᠶᠢᠯᠠᠭᠠᠯᠴᠠᠭ᠎ᠠ ᠪᠠᠨ ᠨᠡᠮᠡᠭᠳᠡᠭᠦᠯᠬᠦ᠂ ᠨᠥᠬᠦᠷᠯᠡᠯ ᠢᠶᠠᠨ | ᠵᠤᠵᠠᠭᠠᠳᠬᠠᠬᠤ ᠴᠢᠬᠤᠯᠠ ᠠᠴᠢᠶᠠᠯᠠᠪᠤᠷᠢ ᠪᠣᠯᠵᠤ ᠪᠠᠶᠢᠨ᠎ᠠ ᠭᠡᠵᠡᠢ᠃ | ᠬᠤᠶᠢᠰᠢᠳᠠ᠂ ᠥᠪᠥᠷ ᠮᠣᠩᠭᠤᠯ ᠣᠷᠣᠰ ᠮᠣᠩᠭᠤᠯ ᠣᠷᠣᠨ ᠯᠤᠭ᠎ᠠ ᠶᠢᠨ ᠰᠣᠶᠣᠯ ᠵᠢᠭᠤᠯᠴᠢᠯᠠᠯ ᠤᠨ ᠰᠣᠯᠢᠯᠴᠠᠭ᠎ᠠ ᠬᠠᠮᠲᠤᠷᠠᠯᠴᠠᠭ᠎ᠠ ᠪᠠᠨ | ᠦᠷᠭᠦᠯᠵᠢᠯᠡᠨ ᠭᠦᠨᠵᠡᠭᠡᠶᠢᠷᠡᠭᠦᠯᠵᠦ᠂ ︽ᠲᠦᠮᠡᠨ ᠭᠠᠵᠠᠷ ᠤᠨ ᠴᠠᠢ ᠶᠢᠨ ᠵᠠᠮ︾ ᠣᠯᠠᠨ ᠤᠯᠤᠰ ᠤᠨ ᠵᠢᠭᠤᠯᠴᠢᠯᠠᠯ ᠤᠨ ᠬᠤᠯᠪᠣᠭ᠎ᠠ ᠪᠠᠷ ᠭᠠᠷᠳᠠᠴᠠ ᠪᠣᠯᠭᠠᠵᠤ᠂ | ︽ᠲᠦᠮᠡᠨ ᠭᠠᠵᠠᠷ ᠤᠨ ᠴᠠᠢ ᠶᠢᠨ ᠵᠠᠮ︾ ᠣᠯᠠᠨ ᠤᠯᠤᠰ ᠤᠨ ᠵᠢᠭᠤᠯᠴᠢᠯᠠᠯ ᠤᠨ ᠨᠠᠷᠠᠲᠤ ᠲᠥᠷᠥᠯ ᠲᠡᠮᠳᠡᠭᠲᠦ ᠶᠢ ᠡᠭᠦᠳᠦᠨ ᠪᠠᠶᠢᠭᠤᠯᠬᠤ᠂ ᠵᠠᠮ ᠱᠤᠭᠤᠮ ᠢ | ᠳᠡᠯᠭᠡᠷᠡᠭᠦᠯᠬᠦ ᠪᠠ ᠦᠢᠯᠡᠳᠬᠦᠨ ᠤ ᠪᠦᠲᠦᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠤᠨ᠂ ᠬᠠᠮᠲᠤᠷᠠᠯᠴᠠᠭᠠᠨ ᠤ ᠵᠠᠭᠪᠤᠷ ᠤᠨ ᠰᠢᠨ᠎ᠡ ᠶᠢ ᠡᠭᠦᠳᠴᠦ᠂ | ᠣᠷᠣᠰ ᠮᠣᠩᠭᠤᠯ ᠯᠤᠭ᠎ᠠ ᠶᠢᠨ ᠰᠣᠶᠣᠯ ᠵᠢᠭᠤᠯᠴᠢᠯᠠᠯ ᠤᠨ ᠰᠣᠯᠢᠯᠴᠠᠭ᠎ᠠ ᠶᠢᠨ ᠲᠠᠯ᠎ᠠ ᠪᠠᠷ ᠤᠷᠢᠳᠠᠪᠠᠷ ᠲᠤᠷᠰᠢᠵᠤ ᠤᠷᠢᠳᠠᠪᠠᠷ ᠬᠢᠵᠦ᠂ ᠮᠠᠨ ᠤ ᠤᠯᠤᠰ ᠤᠨ | ᠤᠮᠠᠷᠠᠰᠢ ᠨᠡᠭᠡᠭᠡᠯᠲᠡ ᠬᠢᠬᠦ ᠪᠠᠬᠢᠯᠡᠯᠲᠡ ᠶᠢ ᠴᠢᠨᠠᠷ ᠰᠠᠶᠢᠲᠠᠢ ᠪᠦᠲᠦᠭᠡᠨ ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠬᠦ ᠪᠣᠯᠣᠨ᠎ᠠ᠃ |