ᠰ᠊ · ᠪᠢᠮᠪᠠᠴᠣᠭᠲᠤ ᠭᠤᠣᠯ ᠵᠤᠷᠢᠯᠳᠠᠳᠤ ᠦᠭᠡ ᠬᠡᠯᠡᠪᠡ | ᠥᠪᠥᠷ ᠮᠣᠩᠭᠤᠯ ᠤᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠺᠠᠩ ᠯᠢ ᠨᠠ︶ 9 ᠰᠠᠷ᠎ᠠ ᠶᠢᠨ 7 ᠤ ᠡᠳᠦᠷ᠂ ᠳᠥᠷᠪᠡᠳᠦᠭᠡᠷ | ᠬᠤᠭᠤᠴᠠᠭᠠᠨ ᠤ ᠳᠤᠮᠳᠠᠳᠤ ᠮᠣᠩᠭᠤᠯ ᠤᠨ ᠦᠵᠡᠰᠭᠦᠯᠡᠩ ᠤᠨ ᠴᠤᠭᠯᠠᠭᠠᠨ ᠤ ᠰᠢᠷᠢᠰ ᠶᠠᠷᠢᠶᠠᠨ ᠤ ᠲᠠᠪᠴᠠᠩ ᠤᠨ ᠠᠵᠢᠯᠯᠠᠭ᠎ᠠ ᠶᠢᠨ ᠨᠢᠭᠡ ᠪᠤᠯᠬᠤ ᠤᠮᠠᠷᠠᠰᠢ | ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢᠨ ᠤᠶᠤᠨ ᠤ ᠬᠥᠮᠥᠷᠭᠡ ᠶᠢᠨ ᠶᠠᠷᠢᠶᠠᠨ ᠤ ᠲᠠᠪᠴᠠᠩ ᠬᠥᠬᠡᠬᠤᠲᠠ ᠳᠤ ᠶᠠᠪᠤᠭᠳᠠᠪᠠ᠃ | ᠮᠣᠩᠭᠤᠯ ᠤᠯᠤᠰ ᠤᠨ ᠵᠠᠮ ᠲᠡᠭᠡᠭᠡᠪᠦᠷᠢ ᠶᠢᠨ ᠬᠥᠭᠵᠢᠯ ᠤᠨ ᠶᠠᠮᠤᠨ ᠤ ᠰᠠᠶᠢᠳ ᠰ᠊ · ᠪᠢᠮᠪᠠᠴᠣᠭᠲᠤ᠂ ᠣᠷᠣᠰ ᠤᠨ ᠬᠤᠯᠪᠣᠭᠠᠨ ᠤ ᠠᠷᠤ ᠪᠠᠶᠢᠭᠠᠯ ᠬᠢᠯᠢ | ᠬᠢᠵᠠᠭᠠᠷ ᠣᠷᠣᠨ ᠤ ᠨᠢᠭᠡᠳᠦᠭᠡᠷ ᠳᠡᠳ᠋ ᠲᠡᠷᠢᠭᠦᠯᠡᠭᠴᠢ ᠮᠢᠯᠾᠠᠳᠠᠯᠤᠹ ᠭᠤᠤᠯ ᠵᠤᠷᠢᠯᠳᠠᠳᠤ ᠦᠭᠡ ᠬᠡᠯᠡᠵᠦ᠂ ᠥᠪᠡᠷᠲᠡᠭᠡᠨ ᠵᠠᠰᠠᠬᠤ ᠣᠷᠣᠨ ᠤ ᠤᠯᠤᠰ | ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠴᠡᠴᠡᠭ ᠪᠠᠶᠠᠷ ᠤᠨ ᠦᠭᠡ ᠬᠡᠯᠡᠪᠡ᠃ | ᠶᠠᠷᠢᠶᠠᠨ ᠤ ᠲᠠᠪᠴᠠᠩ ᠨᠢ ︽ᠬᠠᠮᠲᠤᠷᠠᠯᠴᠠᠵᠤ ᠬᠠᠮᠲᠤ ᠪᠠᠷ ᠠᠰᠢᠭ ᠭᠥᠷᠳᠡᠬᠦ ᠬᠢᠭᠡᠳ ᠴᠢᠨᠠᠷ ᠰᠠᠶᠢᠲᠠᠢ ᠬᠥᠭᠵᠢᠯᠲᠡ︾ ᠪᠠᠷ ᠭᠤᠤᠯ ᠰᠡᠳᠦᠪ ᠪᠣᠯᠭᠠᠵᠤ᠂ | ᠳᠤᠮᠳᠠᠳᠤ ᠮᠣᠩᠭᠤᠯ ᠣᠷᠣᠰ ᠭᠤᠷᠪᠠᠨ ᠤᠯᠤᠰ ᠤᠨ ᠣᠶᠤᠨ ᠤ ᠬᠥᠮᠥᠷᠭᠡ ᠶᠢᠨ ᠲᠥᠯᠥᠭᠡᠯᠡᠭᠴᠢ ᠠᠵᠤ ᠠᠬᠤᠶ ᠠᠷᠠᠯᠵᠢᠶᠠᠨ ᠤ ᠪᠠᠯᠠ ᠣᠷᠣᠭᠤᠯᠤᠯᠲᠠ᠂ ᠠᠮᠢ | ᠠᠬᠤᠶ ᠣᠷᠴᠢᠨ ᠲᠣᠭᠤᠷᠢᠨ ᠤ ᠬᠦᠷᠢᠶᠡᠨ ᠤ ᠬᠠᠮᠠᠭᠠᠯᠠᠯᠲᠠ ᠬᠢᠭᠡᠳ ᠬᠠᠮᠲᠤᠷᠠᠯᠴᠠᠭ᠎ᠠ ᠵᠡᠷᠭᠡ ᠵᠥᠪᠯᠡᠬᠦ ᠰᠡᠳᠦᠪ ᠤᠨ ᠲᠣᠭᠤᠷᠢᠨ ᠳᠤ ᠰᠠᠨᠠᠯ ᠢᠶᠠᠨ ᠰᠣᠯᠢᠯᠴᠠᠨ | ᠰᠤᠳᠤᠯᠤᠨ ᠶᠠᠷᠢᠯᠴᠠᠵᠤ᠂ ᠳᠤᠮᠳᠠᠳᠤ ᠮᠣᠩᠭᠤᠯ ᠣᠷᠣᠰ ᠤᠨ ᠣᠶᠤᠨ ᠤ ᠬᠥᠮᠥᠷᠭᠡ ᠶᠢᠨ ᠲᠤᠰᠬᠠᠢ ᠮᠡᠷᠭᠡᠵᠢᠯᠲᠡᠨ ᠤ ᠬᠠᠮᠲᠤ ᠶᠢᠨ ᠲᠠᠨᠢᠯᠲᠠ ᠶᠢ ᠨᠢᠭᠲᠠᠷᠠᠭᠤᠯᠵᠤ | ᠂ ᠳᠤᠮᠳᠠᠳᠤ ᠮᠣᠩᠭᠤᠯ ᠣᠷᠣᠰ ᠤᠨ | ᠬᠠᠮᠲᠤᠷᠠᠯᠴᠠᠭᠠᠨ ᠤ ᠭᠤᠣᠯᠳᠠᠯᠭ᠎ᠠ ᠲᠠᠢ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠵᠦ᠂ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢᠨ ᠪᠥᠲᠥᠭᠡᠨ | ᠪᠠᠶᠢᠭᠤᠯᠤᠯᠲᠠ ᠶᠢ ᠠᠬᠢᠭᠤᠯᠬᠤ ᠪᠠᠷ ᠵᠤᠷᠢᠯᠲᠠ ᠪᠤᠯᠭᠠᠪᠠ᠃ |