ᠮᠠᠨ ᠤ ᠬᠤᠲᠠ 3771 ᠲᠦᠮᠡᠨ ᠲᠥᠭᠦᠷᠢᠭ ᠤᠨ ᠨᠥᠬᠦᠪᠦᠷᠢ ᠮᠥᠩᠭᠦ ᠪᠠᠭᠤᠯᠭᠠᠵᠤ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠭᠤᠯᠢ ᠡᠷᠭᠢᠯᠡᠬᠦ ᠨᠥᠬᠦᠴᠡᠯ ᠢ ᠰᠠᠶᠢᠵᠢᠷᠠᠭᠤᠯᠪᠠ
ᠨᠡᠶᠢᠲᠡᠯᠡᠭᠰᠡᠨ ᠴᠠᠭ᠄
2024/1/12
      ︵ᠰᠤᠷᠪᠤᠯᠵᠢᠯᠠᠭᠴᠢ ᠰᠥᠩ ᠰᠢᠶᠠᠩ ᠬᠤᠸᠠ︶ ᠰᠤᠷᠪᠤᠯᠵᠢᠯᠠᠭᠴᠢ ᠶᠢᠨ ᠣᠶᠢᠯᠠᠭᠠᠭᠰᠠᠨ ᠢᠶᠠᠷ᠂ ᠣᠶᠢᠷ᠎ᠠ ᠳᠤ᠂  ᠬᠤᠲᠠ ᠶᠢᠨ ᠡᠳ᠋ ᠤᠨ ᠵᠠᠰᠠᠭ ᠠᠴᠠ 2024 ᠣᠨ ᠤ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠭᠤᠯᠢ ᠡᠷᠭᠢᠯᠡᠬᠦ ᠨᠥᠬᠦᠴᠡᠯ ᠢ ᠰᠠᠶᠢᠵᠢᠷᠠᠭᠤᠯᠬᠤ 3771 ᠲᠦᠮᠡᠨ ᠲᠥᠭᠦᠷᠢᠭ ᠤᠨ ᠨᠥᠬᠦᠪᠦᠷᠢ ᠪᠡᠯᠡ ᠮᠥᠩᠭᠦ ᠶᠢ ᠴᠠᠭ ᠲᠤᠬᠠᠢ ᠳᠤᠨᠢ ᠪᠠᠭᠤᠯᠭᠠᠵᠤ᠂  ᠬᠤᠷᠢᠨᠬᠡᠷ ᠰᠢᠶᠠᠨ᠂ ᠰᠠᠶᠢᠬᠠᠨ ᠲᠣᠭᠤᠷᠢᠭ ᠵᠡᠷᠭᠡ ᠭᠠᠵᠠᠷ ᠤᠨ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠭᠤᠯᠢ ᠡᠷᠭᠢᠯᠡᠬᠦ ᠨᠥᠬᠦᠴᠡᠯ ᠢ ᠰᠠᠶᠢᠵᠢᠷᠠᠭᠤᠯᠬᠤ ᠶᠢ ᠳᠡᠮᠵᠢᠪᠡ᠃       ᠡᠩ ᠤᠨ ᠥᠨᠳᠥᠷ ᠵᠡᠷᠭᠡ ᠶᠢᠨ ᠳᠤᠮᠳᠠᠳᠤ ᠶᠢᠨ ᠰᠤᠷᠭᠠᠭᠤᠯᠢ ᠡᠷᠭᠢᠯᠡᠬᠦ ᠨᠥᠬᠦᠴᠡᠯ ᠢ ᠤᠯᠠᠮ ᠨᠢᠭᠡ ᠠᠯᠬᠤᠮ ᠰᠠᠶᠢᠵᠢᠷᠠᠭᠤᠯᠬᠤ ᠶᠢᠨ ᠲᠥᠯᠥᠭᠡ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ  ᠠᠴᠠ ᠬᠤᠯᠪᠣᠭᠳᠠᠯ ᠪᠦᠬᠦᠢ ᠬᠤᠰᠢᠭᠤ ᠰᠢᠶᠠᠨ ᠢ ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠭᠤᠯᠢ ᠡᠷᠭᠢᠯᠡᠬᠦ ᠨᠥᠬᠦᠴᠡᠯ ᠢ ᠰᠠᠶᠢᠵᠢᠷᠠᠭᠤᠯᠬᠤ ᠨᠥᠬᠦᠪᠦᠷᠢ ᠪᠡᠯᠡ ᠮᠥᠩᠭᠦ ᠶᠢᠨ ᠬᠠᠮᠢᠶᠠᠷᠤᠯᠲᠠ ᠶᠢᠨ ᠠᠷᠭ᠎ᠠ﹀ ᠶᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ  ᠰᠤᠷᠭᠠᠨ ᠬᠥᠮᠦᠵᠢᠯ ᠤᠨ ᠲᠢᠩᠬᠢᠮ ᠤᠨ ᠮᠡᠳᠡᠭᠳᠡᠯ︾ ᠤᠨ ᠱᠠᠭᠠᠷᠳᠠᠯᠭ᠎ᠠ ᠶᠣᠰᠣᠭᠠᠷ᠂ 2024 ᠣᠨ ᠤ ᠲᠥᠰᠥᠪ ᠤᠨ ᠭᠦᠢᠴᠡᠳᠬᠡᠯ ᠲᠤᠭ᠎ᠠ ᠶᠢ ᠬᠤᠪᠢᠶᠠᠷᠢᠯᠠᠨ ᠪᠠᠭᠤᠯᠭᠠᠬᠤ ᠠᠵᠢᠯ ᠢ ᠰᠠᠶᠢᠲᠤᠷ ᠬᠢᠵᠦ᠂ ᠪᠡᠯᠡ ᠮᠥᠩᠭᠦ ᠶᠢ ᠴᠠᠭ ᠲᠤᠬᠠᠢ ᠳᠤᠨᠢ᠂ ᠭᠦᠢᠴᠡᠳ ᠲᠤᠭ᠎ᠠ ᠪᠠᠷ ᠨᠠᠶᠢᠳᠠᠪᠤᠷᠢᠵᠢᠭᠤᠯᠬᠤ ᠶᠢ ᠦᠨᠡᠨᠬᠦ  ᠪᠠᠲᠤᠯᠠᠬᠤ ᠬᠡᠷᠡᠭᠲᠡᠢ ᠭᠡᠵᠤ ᠱᠠᠭᠠᠷᠳᠠᠪᠠ᠃ ᠲᠣᠰ ᠤᠳᠠᠭᠠᠨ ᠤ ᠪᠡᠯᠡ ᠮᠥᠩᠭᠦ ᠶᠢ ᠪᠠᠭᠤᠯᠭᠠᠭᠰᠠᠨ ᠨᠢ ᠮᠠᠨ ᠤ ᠬᠤᠲᠠ ᠶᠢᠨ ᠰᠢᠶᠠᠨ ᠤ ᠬᠡᠪᠴᠢᠶᠡᠨ ᠤ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠭᠤᠯᠢ ᠡᠷᠭᠢᠯᠡᠬᠦ ᠨᠥᠬᠦᠴᠡᠯ ᠢ ᠠᠯᠬᠤᠮ ᠠᠯᠬᠤᠮ ᠢᠶᠠᠷ ᠰᠠᠶᠢᠵᠢᠷᠠᠭᠤᠯᠬᠤ ᠳᠤ ᠠᠰᠢᠭᠲᠠᠢ ᠦᠢᠯᠡᠳᠦᠯ ᠦᠵᠡᠭᠦᠯᠬᠦ ᠪᠤᠯᠤᠨ᠎ᠠ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ