| | | ᠣᠶᠢᠷ᠎ᠠ ᠳᠤ᠂ ᠥᠪᠥᠷ ᠮᠣᠩᠭᠤᠯ ᠤᠨ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠠᠬᠢᠭᠤᠯᠬᠤ | ᠨᠡᠶᠢᠭᠡᠮᠯᠢᠭ ᠤᠨ ᠳᠤᠮᠳᠠᠳᠤ ᠶᠢᠨ ᠤᠷᠠᠨ ᠪᠢᠴᠢᠯᠭᠡ ᠤᠷᠠᠨ ᠵᠢᠷᠤᠭ ᠤᠨ ᠲᠤᠰᠬᠠᠢ ᠮᠡᠷᠭᠡᠵᠢᠯ ᠤᠨ ᠵᠥᠪᠯᠡᠯ ᠮᠠᠨ ᠤ ᠬᠤᠲᠠ ᠳᠤ | ᠪᠠᠶᠢᠭᠤᠯᠤᠭᠳᠠᠪᠠ᠃ | ᠣᠶᠢᠯᠠᠭᠠᠭᠰᠠᠨ ᠢᠶᠠᠷ᠂ ᠲᠤᠰ ᠵᠥᠪᠯᠡᠯ ᠳᠤ ᠮᠠᠨ ᠤ ᠣᠷᠣᠨ ᠤ 90 ᠭᠠᠷᠤᠢ ᠤᠷᠠᠨ ᠪᠢᠴᠢᠯᠭᠡ ᠤᠷᠠᠨ ᠵᠢᠷᠤᠭ ᠤᠨ | ᠤᠷᠠᠯᠢᠭᠴᠢᠨ ᠴᠤᠭᠯᠠᠷᠠᠵᠤ᠂ ᠪᠠᠶᠢᠭᠤᠯᠤᠭᠳᠠᠭᠰᠠᠨ ᠤ ᠪᠠᠨ ᠳᠠᠷᠠᠭ᠎ᠠ ᠵᠢᠯ ᠪᠦᠷᠢ ᠲᠣᠭᠲᠠᠮᠠᠯ ᠪᠤᠰᠤ ᠬᠤᠭᠤᠴᠠᠭ᠎ᠠ ᠪᠠᠷ ᠤᠷᠠᠨ | ᠪᠢᠴᠢᠯᠭᠡ ᠤᠷᠠᠨ ᠵᠢᠷᠤᠭ ᠤᠨ ᠰᠣᠯᠢᠯᠴᠠᠭ᠎ᠠ ᠰᠤᠳᠤᠯᠤᠨ ᠶᠠᠷᠢᠯᠴᠠᠬᠤ᠂ ᠤᠷᠠᠨ ᠪᠢᠴᠢᠯᠭᠡ ᠤᠷᠠᠨ ᠵᠢᠷᠤᠭ ᠤᠨ ᠲᠤᠰᠬᠠᠢ | ᠵᠥᠪᠯᠡᠯ ᠤᠨ ᠨᠠᠷᠠᠲᠤ ᠬᠥᠮᠥᠰ ᠤᠨ ᠪᠦᠲᠦᠭᠡᠯ ᠤᠨ ᠲᠡᠭᠦᠪᠦᠷᠢ ᠵᠢᠴᠢ ᠨᠠᠷᠠᠲᠤ ᠬᠥᠮᠥᠰ ᠤᠨ ᠪᠦᠲᠦᠭᠡᠯ ᠤᠨ ᠦᠵᠡᠰᠬᠦᠯᠡᠩ᠂ | ᠪᠢᠷ ᠤᠨ ᠴᠤᠭᠯᠠᠭᠠᠨ ᠵᠡᠷᠭᠡ ᠶᠢ ᠥᠷᠨᠢᠭᠦᠯᠬᠦ ᠪᠠᠷ ᠳᠠᠮᠵᠢᠭᠤᠯᠤᠨ᠂ ᠤᠷᠠᠨ ᠪᠢᠴᠢᠯᠭᠡ ᠤᠷᠠᠨ ᠵᠢᠷᠤᠭᠴᠢᠳ ᠤᠨ | ᠬᠤᠭᠤᠷᠣᠨᠳᠣᠬᠢ ᠰᠣᠯᠢᠯᠴᠠᠭ᠎ᠠ ᠶᠢ ᠴᠢᠩᠭᠠᠳᠬᠠᠨ᠂ ᠤᠷᠠᠨ ᠪᠢᠴᠢᠯᠭᠡ ᠤᠷᠠᠨ ᠵᠢᠷᠤᠭᠴᠢᠳ ᠤᠨ ᠲᠤᠰᠬᠠᠢ ᠮᠡᠷᠭᠡᠵᠢᠯ ᠤᠨ | ᠬᠢᠷᠢ ᠲᠦᠪᠰᠢᠨ ᠢ ᠳᠡᠭᠡᠭᠰᠢᠯᠡᠭᠦᠯᠵᠦ᠂ ᠤᠷᠠᠨ ᠪᠢᠴᠢᠯᠭᠡ ᠤᠷᠠᠨ ᠵᠢᠷᠤᠭ ᠤᠨ ᠠᠵᠢᠯ ᠲᠥᠷᠥᠯ ᠤᠨ ᠡᠷᠡᠭᠦᠯ ᠢᠶᠠᠷ | ᠬᠥᠭᠵᠢᠬᠦ ᠶᠢ ᠲᠦᠯᠬᠢᠨ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ︽ᠤᠮᠠᠷᠠᠲᠤ ᠶᠢᠨ ᠬᠢᠯᠢ ᠶᠢᠨ ᠰᠣᠶᠣᠯ︾ ᠤᠨ | ᠪᠠᠶᠢᠭᠤᠯᠤᠯᠲᠠ ᠳᠤ ᠬᠦᠴᠦᠨ ᠨᠡᠮᠡᠷᠢᠯᠡᠬᠦ ᠪᠣᠯᠣᠨ᠎ᠠ᠃ | ᠰᠤᠷᠪᠤᠯᠵᠢᠯᠠᠭᠴᠢ ᠸᠠᠩ ᠵᠥᠩ ᠵᠸᠦ ᠰᠡᠭᠦᠳᠡᠷᠯᠡᠪᠡ |