ᠡᠳ᠋ ᠮᠥᠩᠭᠦ ᠪᠠᠷ ᠲᠤᠰᠠᠯᠠᠨ ᠰᠤᠷᠤᠯᠭ᠎ᠠ ᠶᠢ ᠳᠡᠮᠵᠢᠵᠦ ᠰᠤᠷᠤᠭᠴᠢᠳ ᠤᠨ ᠬᠦᠰᠡᠯ ᠵᠡᠭᠦᠳᠦ ᠶᠢ ᠲᠡᠷᠭᠡᠯᠰᠢᠭᠦᠯᠦᠨᠡᠮ
ᠨᠡᠶᠢᠲᠡᠯᠡᠭᠰᠡᠨ ᠴᠠᠭ᠄
2024/1/16
微信图片_20240116095801.jpg
     ᠣᠶᠢᠷ᠎ᠠ ᠳᠤ᠂ ᠲᠦᠮᠡᠳ ᠵᠡᠭᠦᠨ ᠬᠤᠰᠢᠭᠤᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠠᠴᠠ ᠬᠤᠰᠢᠭᠤᠨ ᠤ ᠡᠪᠯᠡᠯ ᠤᠨ ᠬᠤᠷᠢᠶ᠎ᠠ ᠲᠠᠢ ᠬᠠᠮᠲᠤᠷᠠᠨ ᠴᠡᠷᠢᠭ ᠠᠷᠠᠳ ᠬᠠᠮᠲᠤᠷᠠᠨ ᠪᠠᠶᠢᠭᠤᠯᠤᠭᠰᠠᠨ ᠦᠨᠳᠦᠰᠦᠲᠡᠨ ᠤ ᠪᠦᠯᠬᠦᠮᠳᠡᠯ ᠤᠨ ᠵᠢᠱᠢᠶ᠎ᠡ ᠦᠵᠡᠭᠦᠯᠬᠦ ᠪᠠᠭᠠᠴᠤᠳ ᠤᠨ ᠴᠡᠷᠢᠭ ᠤᠨ ᠰᠤᠷᠭᠠᠭᠤᠯᠢ ︱ ᠶᠢᠨ ᠱᠠᠨ ᠰᠤᠷᠭᠠᠭᠤᠯᠢ ᠳᠤ ᠭᠦᠨᠵᠡᠭᠡᠶᠢᠷᠡᠨ ︽ᠡᠳ᠋ ᠮᠥᠩᠭᠦ ᠪᠠᠷ ᠲᠤᠰᠠᠯᠠᠨ ᠰᠤᠷᠤᠯᠭ᠎ᠠ ᠶᠢ ᠳᠡᠮᠵᠢᠵᠦ ᠰᠤᠷᠤᠭᠴᠢᠳ ᠤᠨ ᠬᠦᠰᠡᠯ ᠵᠡᠭᠦᠳᠦ ᠶᠢ ᠲᠡᠷᠭᠡᠯᠰᠢᠭᠦᠯᠦᠶ᠎ᠡ︾ ᠠᠵᠢᠯᠯᠠᠭ᠎ᠠ ᠥᠷᠨᠢᠭᠦᠯᠪᠡ᠃ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠳᠠᠷᠤᠭ᠎ᠠ ᠪᠠᠶᠢᠯᠳᠤᠭᠴᠢᠳ ᠲᠤᠰ ᠰᠤᠷᠭᠠᠭᠤᠯᠢ ᠶᠢᠨ ᠲᠤᠰᠠᠯᠠᠮᠵᠢ ᠭᠥᠷᠳᠡᠭᠰᠡᠨ 30 ᠰᠤᠷᠤᠭᠴᠢᠳ ᠲᠤ ᠰᠤᠷᠤᠯᠭ᠎ᠠ ᠶᠢᠨ ᠲᠡᠳᠬᠦᠮᠵᠢ ᠶᠢᠨ ᠮᠥᠩᠭᠦ ᠪᠣᠯᠣᠨ ᠰᠤᠷᠤᠯᠭ᠎ᠠ ᠶᠢᠨ ᠬᠡᠷᠡᠭᠰᠡᠯ ᠬᠦᠷᠭᠡᠵᠦ᠂ ᠲᠡᠳᠡᠨ ᠤ ᠰᠤᠷᠤᠯᠭ᠎ᠠ ᠶᠢᠨ ᠪᠠᠶᠢᠳᠠᠯ ᠪᠣᠯᠣᠨ ᠠᠮᠢᠳᠤᠷᠠᠯ ᠤᠨ ᠪᠠᠶᠢᠳᠠᠯ ᠢ ᠠᠰᠠᠭᠤᠨ ᠯᠠᠪᠯᠠᠵᠤ᠂ ᠲᠡᠳᠡᠨ ᠢ ᠰᠢᠷᠭᠠᠭᠤ ᠬᠠᠲᠠᠭᠤᠵᠢᠯᠲᠠᠢ ᠰᠤᠷᠤᠯᠴᠠᠨ᠂ ᠬᠦᠴᠢᠷ ᠪᠡᠷᠬᠡᠰᠢᠶᠡᠯ ᠳᠤ ᠵᠣᠷᠢᠭᠲᠠᠢ ᠬᠠᠨᠳᠤᠵᠤ᠂ ᠯᠠᠪᠳᠠᠭᠤᠨ ᠪᠠᠲᠤᠲᠠᠢ᠂ ᠰᠡᠳᠬᠢᠯ ᠰᠠᠨᠠᠭ᠎ᠠ ᠠᠮᠤᠷ ᠰᠤᠷᠤᠯᠴᠠᠬᠤ ᠵᠠᠮ ᠢᠶᠠᠷ ᠰᠠᠶᠢᠲᠤᠷ ᠶᠠᠪᠤᠬᠤ ᠶᠢ ᠵᠣᠷᠢᠭᠵᠢᠭᠤᠯᠪᠠ᠃        ᠰᠤᠷᠪᠤᠯᠵᠢᠯᠠᠭᠴᠢ ᠠᠷᠢᠭᠤᠨ᠎ᠠ ᠰᠡᠭᠦᠳᠡᠷᠯᠡᠪᠡ
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ