ᠬᠥᠬᠡᠬᠤᠲᠠ ︵ᠵᠢᠶᠠᠩᠰᠤ︶ ᠶᠢᠨ ᠡᠳ᠋ᠰᠢᠭᠦᠯᠦᠨ ᠪᠣᠯᠪᠠᠰᠤᠷᠠᠭᠤᠯᠬᠤ ᠠᠷᠠᠯᠵᠢᠶ᠎ᠠ ᠶᠢᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠲᠠᠨᠢᠯᠴᠠᠭᠤᠯᠭ᠎ᠠ ᠶᠢᠨ ᠬᠤᠷᠠᠯ ᠶᠠᠪᠤᠭᠳᠠᠪᠠ
ᠨᠡᠶᠢᠲᠡᠯᠡᠭᠰᠡᠨ ᠴᠠᠭ᠄
2024/1/17
      ︵ᠰᠤᠷᠪᠤᠯᠵᠢᠯᠠᠭᠴᠢ ᠶᠦᠨ ᠶᠠᠨ ᠹᠠᠩ︶ ᠣᠶᠢᠷ᠎ᠠ ᠳᠤ᠂ ᠬᠥᠬᠡᠬᠤᠲᠠ ︵ᠵᠢᠶᠠᠩᠰᠤ︶ ᠶᠢᠨ ᠶᠢᠨ ᠡᠳ᠋ᠰᠢᠭᠦᠯᠦᠨ ᠪᠣᠯᠪᠠᠰᠤᠷᠠᠭᠤᠯᠬᠤ ᠠᠷᠠᠯᠵᠢᠶ᠎ᠠ ᠶᠢᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠲᠠᠨᠢᠯᠴᠠᠭᠤᠯᠭ᠎ᠠ ᠶᠢᠨ ᠬᠤᠷᠠᠯ  ᠰᠦᠵᠧᠦ ᠳᠤ ᠶᠠᠪᠤᠭᠳᠠᠪᠠ᠃ ᠲᠠᠨᠢᠯᠴᠠᠭᠤᠯᠬᠤ ᠬᠤᠷᠠᠯ ᠢ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠠᠴᠠ ᠵᠢᠯᠤᠭᠤᠳᠴᠤ᠂ ᠬᠤᠲᠠ ᠶᠢᠨ ᠵᠠᠰᠠᠭ ᠤᠨ ᠣᠷᠳᠣᠨ ᠠᠴᠠ ᠭᠤᠣᠯᠯᠠᠨ ᠡᠷᠭᠢᠯᠡᠵᠦ᠂ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠠᠴᠠ ᠳᠠᠭᠠᠭᠠᠨ ᠡᠷᠬᠢᠯᠡᠵᠡᠢ᠃ ᠲᠤᠬᠠᠢ ᠶᠢᠨ ᠲᠠᠯᠠᠪᠠᠶ ᠳᠤ 75 ᠠᠵᠤ ᠠᠬᠤᠶᠢᠯᠠᠯ ᠤᠨ 110 ᠭᠠᠷᠤᠢ ᠬᠥᠮᠥᠨ ᠬᠤᠷᠠᠯ ᠳᠤ ᠣᠷᠣᠯᠴᠠᠵᠤ᠂ ᠡᠭᠦᠨ ᠳᠤ ᠳᠤᠮᠳᠠᠳᠤ ᠤᠯᠤᠰ ᠤᠨ 500 ᠬᠦᠴᠦᠷᠬᠡᠭ ᠠᠵᠤ ᠠᠬᠤᠶᠢᠯᠠᠯ 18 ᠪᠣᠶ᠃      ᠬᠤᠷᠠᠯ ᠠᠴᠠ ︽ᠭᠠᠷ ᠬᠤᠯᠪᠣᠨ ᠬᠥᠬᠡᠬᠤᠲᠠ ᠶᠢᠨ ᠤᠯᠠᠨ ᠤᠯᠤᠰ ᠤᠨ ᠡᠬᠡ ᠬᠠᠭᠤᠷᠠᠢ ᠶᠢᠨ ᠭᠠᠷᠠᠮ ᠢ ᠬᠠᠮᠲᠤᠪᠠᠷ ᠪᠠᠶᠢᠭᠤᠯᠵᠤ᠂ ᠤᠮᠠᠷᠠᠰᠢ ᠬᠢᠯᠢ ᠠᠯᠤᠰᠯᠠᠭᠰᠠᠨ ᠪᠠᠷᠠᠭᠠᠨ ᠤ ᠭᠦᠢᠯᠭᠡᠭᠡᠨ ᠤ ᠰᠢᠨ᠎ᠡ ᠵᠠᠮ ᠢ ᠬᠠᠮᠲᠤᠷᠠᠯᠴᠠᠨ ᠬᠤᠪᠢᠶᠠᠯᠴᠠᠬᠤ︾ ᠲᠣᠭᠤᠷᠢᠨ ᠳᠤ ᠶᠠᠷᠢᠯᠴᠠᠨ ᠰᠠᠨᠠᠯ ᠢᠶᠠᠨ ᠰᠣᠯᠢᠯᠴᠠᠵᠤ᠂ ᠬᠥᠬᠡᠬᠤᠲᠠ ᠶᠢᠨ ᠳᠠᠪᠠᠭᠤᠯᠢᠭ ᠣᠨᠴᠠᠯᠢᠭ ᠵᠢᠴᠢ ᠬᠠᠮᠲᠤᠷᠠᠯᠴᠠᠭᠠᠨ ᠤ ᠦᠨᠡᠨᠴᠢ ᠰᠡᠳᠬᠢᠯ ᠢ ᠭᠦᠢᠴᠡᠳ ᠬᠠᠷᠠᠭᠤᠯᠵᠤ᠂ ᠲᠤᠬᠠᠢ ᠶᠢᠨ ᠲᠠᠯᠠᠪᠠᠢ ᠳᠤ 12 ᠠᠵᠤ ᠠᠬᠤᠶᠢᠯᠠᠯ ᠲᠠᠢ ᠭᠡᠷ᠎ᠡ ᠲᠣᠭᠲᠠᠵᠠᠢ᠃      ᠲᠣᠰ ᠤᠳᠠᠭᠠᠨ ᠤ ᠲᠠᠨᠢᠯᠴᠠᠭᠤᠯᠭ᠎ᠠ ᠶᠢᠨ ᠬᠤᠷᠠᠯ ᠢ ᠡᠷᠭᠢᠯᠡᠭᠰᠡᠨ ᠨᠢ ᠬᠥᠬᠡᠬᠤᠲᠠ ᠬᠢᠭᠡᠳ ︽ᠬᠥᠬᠡᠮᠥ᠋ᠷᠡᠨ ᠤ ᠭᠤᠷᠪᠠᠯᠵᠢᠨ ᠬᠤᠶᠢᠭ︾ ᠤᠨ ᠭᠠᠵᠠᠷ ᠣᠷᠣᠨ ᠤ ᠡᠳ᠋ᠰᠢᠭᠦᠯᠦᠨ ᠪᠣᠯᠪᠠᠰᠤᠷᠠᠭᠤᠯᠬᠤ ᠠᠷᠠᠯᠵᠢᠶ᠎ᠠ ᠶᠢᠨ ᠠᠵᠤ ᠦᠢᠯᠡᠰ ᠤᠨ ᠰᠢᠯᠵᠢᠯᠲᠡ ᠶᠢ ᠭᠥᠯᠢᠶᠡᠨ ᠠᠪᠬᠤ ᠲᠠᠯ᠎ᠠ ᠪᠠᠷ ᠬᠢ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠬᠦ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠭᠰᠡᠨ ᠪᠥᠭᠡᠳ ᠰᠦᠵᠧᠦ ᠴᠢᠨᠠᠭᠰᠢᠯᠠᠪᠠᠯ ︽ᠬᠥᠬᠡᠮᠥ᠋ᠷᠡᠨ ᠤ ᠭᠤᠷᠪᠠᠯᠵᠢᠨ ᠬᠤᠶᠢᠭ︾ ᠤᠨ ᠭᠠᠵᠠᠷ ᠣᠷᠣᠨ ᠤ ᠠᠵᠤ ᠠᠬᠤᠶᠢᠯᠠᠯ ᠤᠨ ᠬᠥᠬᠡᠬᠤᠲᠠ ᠳᠤ ᠢᠷᠡᠵᠦ᠂ ᠬᠥᠬᠡᠬᠤᠲᠠ ᠶᠢ ᠣᠶᠢᠯᠠᠭᠠᠬᠤ ᠳᠤ ᠠᠵᠠ ᠲᠣᠬᠢᠶᠠᠯ ᠬᠠᠩᠭᠠᠭᠰᠠᠨ ᠪᠠᠶᠢᠨ᠎ᠠ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ