2024 ᠣᠨ ᠤ ︽ᠲᠠᠪᠤᠨ ᠲᠦᠮᠡᠨ ᠣᠶᠤᠲᠠᠨ ᠢ ᠬᠥᠬᠡᠬᠤᠲᠠ ᠳᠤ ᠦᠯᠡᠳᠡᠭᠡᠬᠦ︾ ᠲᠤᠰᠬᠠᠢ ᠠᠵᠢᠯᠯᠠᠭ᠎ᠠ ᠶᠢᠨ ᠬᠡᠷᠡᠭᠵᠢᠭᠦᠯᠬᠦ ᠲᠥᠰᠥᠯ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2024/1/17
      ᠨᠢᠭᠡ᠂ ᠨᠡᠶᠢᠲᠡᠯᠡᠭᠰᠡᠨ ᠠᠬᠤᠢ ᠪᠠᠶᠢᠳᠠᠯ      ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ︽ᠲᠠᠪᠤᠨ ᠲᠣᠬᠢᠷᠠᠮᠵᠢᠲᠠᠢ ᠬᠤᠲᠠ︾ ᠶᠢ ᠪᠦᠲᠦᠭᠡᠨ ᠪᠠᠶᠢᠭᠤᠯᠬᠤ᠂ ᠣᠳᠣᠬᠢᠴᠢᠯᠠᠭᠰᠠᠨ ᠣᠷᠣᠨ ᠪᠦᠰᠡ ᠶᠢᠨ ᠲᠥᠪ ᠬᠤᠲᠠ ᠶᠢ ᠪᠦᠲᠦᠭᠡᠨ ᠪᠠᠶᠢᠭᠤᠯᠬᠤ ᠬᠠᠷᠠᠯᠲᠠ ᠶᠢᠨ ᠲᠣᠭᠤᠷᠢᠨ ᠳᠤ᠂ ᠣᠷᠣᠨ ᠤ ᠲᠥᠪ ᠬᠤᠲᠠ ᠶᠢᠨ ᠬᠥᠮᠥᠨ ᠠᠮᠠ ᠶᠢᠨ ᠴᠢᠳᠠᠪᠤᠷᠢ ᠶᠢᠨ ᠲᠠᠰ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠣᠷᠣᠨ ᠤ ᠲᠥᠪ ᠬᠤᠲᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠲᠡᠢ ᠴᠢᠳᠠᠪᠤᠷᠢᠲᠠᠨ ᠤ ᠦᠢᠯᠡᠴᠢᠯᠡᠭᠡᠨ ᠤ ᠪᠠᠲᠤᠯᠠᠭ᠎ᠠ ᠬᠠᠩᠭᠠᠬᠤ ᠶᠢᠨ ᠲᠥᠯᠥᠭᠡ᠂ ᠠᠵᠢᠯ ᠤᠨ ᠪᠣᠳᠠᠲᠠᠢ ᠲᠠᠢ ᠪᠠᠨ ᠤᠶᠠᠯᠳᠤᠭᠤᠯᠤᠨ᠂ ︽2024 ᠣᠨ ᠤ ᠲᠠᠪᠤᠨ ᠲᠦᠮᠡᠨ ᠣᠶᠤᠲᠠᠨ ᠢ ᠬᠥᠬᠡᠬᠤᠲᠠ ᠳᠤ ᠦᠯᠡᠳᠡᠭᠡᠬᠦ ᠲᠤᠰᠬᠠᠢ ᠠᠵᠢᠯᠯᠠᠭᠠᠨ ᠤ ᠲᠥᠰᠥᠯ︾ ᠢ ᠲᠣᠭᠲᠠᠭᠠᠪᠠ᠃ ᠲᠥᠰᠥᠯ ᠳᠤ ᠭᠤᠣᠯᠳᠠᠭᠤ ᠵᠢᠷᠭᠤᠭᠠᠨ ᠶᠡᠭᠡ ᠠᠵᠤ ᠦᠢᠯᠡᠰ ᠤᠨ ᠪᠥᠭᠡᠮᠨᠡᠷᠡᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ᠂ ᠣᠶᠤᠲᠠᠳ ᠤᠨ ᠠᠵᠢᠯ ᠣᠯᠬᠤ ᠪᠠ ᠠᠳᠠᠯ ᠦᠢᠯᠡᠰ ᠴᠣᠭᠴᠠᠯᠠᠬᠤ ᠵᠡᠷᠭᠡ ᠲᠠᠯ᠎ᠠ ᠪᠠᠷ ᠨᠠᠷᠢᠯᠢᠭ ᠣᠨᠣᠴᠠᠲᠠᠢ ᠳᠡᠮᠵᠢᠬᠦ ᠠᠷᠭ᠎ᠠ ᠬᠡᠮᠵᠢᠶ᠎ᠡ ᠲᠣᠭᠲᠠᠭᠠᠵᠤ᠂ ᠣᠶᠤᠲᠠᠳ ᠤᠨ ᠬᠥᠬᠡᠬᠤᠲᠠ ᠳᠤ ᠢᠷᠡᠵᠦ᠂ ᠬᠥᠬᠡᠬᠤᠲᠠ ᠳᠠᠭᠠᠨ ᠪᠤᠴᠠᠵᠤ᠂ ᠬᠥᠬᠡᠬᠤᠲᠠ ᠳᠤ ᠦᠯᠡᠳᠡᠵᠦ ᠠᠵᠢᠯ ᠣᠯᠵᠤ ᠦᠢᠯᠡᠰ ᠴᠣᠭᠴᠠᠯᠠᠬᠤ ᠳᠤ ᠦᠢᠯᠡᠴᠢᠯᠡᠨ᠎ᠡ᠃      ᠬᠤᠶᠠᠷ᠂ ᠣᠨᠴᠠᠯᠢᠭ ᠢᠯᠡ ᠲᠣᠳᠣ ᠲᠠᠯ᠎ᠠ      ᠡᠭᠦᠨ ᠳᠤ ᠭᠤᠷᠪᠠᠨ ᠲᠠᠯ᠎ᠠ ᠶᠢᠨ ᠥᠪᠡᠷᠮᠢᠴᠡ ᠣᠨᠴᠠᠯᠢᠭ ᠢᠯᠡ ᠲᠣᠳᠣ ᠲᠠᠯ᠎ᠠ ᠪᠠᠶᠢᠨ᠎ᠠ᠂ ᠨᠢᠭᠡ ᠳᠤ ᠰᠢᠯᠢᠳᠡᠭ ᠠᠵᠢᠯ ᠤᠨ ᠪᠠᠶᠢᠷᠢ ᠭᠠᠷᠭᠠᠨ᠎ᠠ᠃ ᠬᠤᠳᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ 2024 ᠣᠨ ᠳᠤ ᠠᠵᠤ ᠦᠢᠯᠡᠰ ᠤᠨ ᠪᠥᠭᠡᠮᠨᠡᠷᠡᠯ ᠢ ᠦᠷᠭᠦᠯᠵᠢᠯᠡᠨ ᠠᠳᠬᠤᠵᠤ᠂ 1100 ᠠᠴᠠ ᠳᠡᠭᠡᠭᠰᠢ ᠭᠤᠣᠯᠳᠠᠯᠭ᠎ᠠ ᠲᠠᠢ ᠲᠦᠷᠦᠯ ᠵᠦᠢᠯ ᠢ ᠬᠡᠷᠡᠭᠵᠢᠭᠦᠯᠵᠦ᠂ 1500 ᠳ᠋ᠦᠩᠰᠢᠭᠤᠷ ᠲᠥᠭᠦᠷᠢᠭ ᠠᠴᠠ ᠳᠡᠭᠡᠭᠰᠢ ᠪᠡᠯᠡ ᠣᠷᠣᠭᠤᠯᠵᠤ᠂ ᠠᠵᠤ ᠦᠢᠯᠡᠰ ᠢᠶᠠᠷ ᠠᠵᠢᠯ ᠣᠯᠭᠤᠯᠲᠠ ᠶᠢ ᠳᠠᠶᠢᠴᠢᠯᠠᠬᠤ ᠦᠢᠯᠡᠳᠦᠯ ᠢ ᠭᠦᠢᠴᠡᠳ ᠪᠠᠳᠠᠷᠠᠭᠤᠯᠤᠨ᠎ᠠ᠃ ᠬᠤᠶᠠᠷ ᠲᠤ᠂ ᠪᠡᠶ᠎ᠡ ᠳᠤᠨᠢ ᠲᠣᠬᠢᠷᠠᠭᠤᠯᠤᠨ ᠲᠣᠭᠲᠠᠭᠠᠬᠤ ᠦᠢᠯᠡᠴᠢᠯᠡᠭᠡ᠃ ︽ᠠᠵᠢᠯ ᠣᠯᠭᠤᠯᠲᠠ ᠪᠠᠷ ᠠᠵᠤ ᠠᠬᠤᠶᠢᠯᠠᠯ ᠢ ᠲᠤᠰᠠᠯᠠᠬᠤ︾᠂ ︽ᠰᠤᠷᠭᠠᠭᠤᠯᠢ ᠳᠤ ᠣᠷᠣᠵᠤ ᠠᠵᠢᠯ ᠤᠨ ᠪᠠᠶᠢᠷᠢ ᠬᠦᠷᠭᠡᠬᠦ︾ ᠵᠡᠷᠭᠡ ᠠᠵᠢᠯᠯᠠᠭ᠎ᠠ ᠥᠷᠨᠢᠭᠦᠯᠵᠦ᠂ ᠣᠶᠤᠲᠠᠳ ᠵᠠᠬ᠎ᠠ ᠳᠡᠯᠭᠡᠭᠦᠷ ᠢ ᠪᠦᠲᠦᠮᠵᠢᠲᠡᠶ ᠵᠣᠯᠭᠠᠭᠤᠯᠵᠤ᠂ ᠳᠡᠭᠡᠳᠦ ᠰᠤᠷᠭᠠᠭᠤᠯᠢ ᠶᠢᠨ ᠠᠵᠢᠯ ᠣᠯᠭᠤᠯᠲᠠ ᠪᠠ ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ ᠶᠢᠨ ︽ᠬᠤᠣᠰ ᠪᠠᠲᠤᠯᠠᠭ᠎ᠠ︾ ᠶᠢ ᠪᠡᠶᠡᠯᠡᠭᠦᠯᠦᠨ᠎ᠡ᠃ ᠭᠤᠷᠪᠠ ᠳᠤ ᠪᠠᠲᠤᠯᠠᠭ᠎ᠠ ᠶᠢᠨ ᠡᠷᠴᠢᠮ ᠤᠷᠢᠳᠤ ᠭᠠᠷᠤᠭ᠎ᠠ ᠦᠭᠡᠢ ᠴᠢᠩᠭᠠᠷᠠᠪᠠ᠃ ᠣᠷᠣᠨ ᠰᠠᠭᠤᠴᠠ ᠶᠢᠨ ᠡᠬᠢ ᠪᠠᠶᠠᠯᠢᠭ ᠤᠨ ᠬᠠᠩᠭᠠᠯᠭ᠎ᠠ ᠶᠢ ᠨᠡᠮᠡᠭᠳᠡᠭᠦᠯᠬᠦ᠂ ᠭᠡᠷ ᠪᠠᠶᠢᠰᠢᠩ ᠲᠦᠷᠢᠶᠡᠰᠦᠯᠡᠬᠦ ᠪᠠ ᠬᠤᠳᠠᠯᠳᠤᠨ ᠠᠪᠬᠤ ᠨᠥᠬᠦᠪᠦᠷᠢ ᠣᠯᠭᠤᠬᠤ᠂ ᠳᠡᠭᠡᠳᠦ ᠰᠤᠷᠭᠠᠭᠤᠯᠢ ᠲᠡᠭᠦᠰᠦᠭᠰᠡᠳ ᠤᠨ ᠭᠡᠷ ᠪᠠᠶᠢᠰᠢᠩ ᠲᠦᠷᠢᠶᠡᠰᠦᠯᠡᠬᠦ ᠪᠠ ᠬᠤᠳᠠᠯᠳᠤᠨ ᠠᠪᠬᠤ ᠨᠥᠬᠦᠪᠦᠷᠢ ᠶᠢᠨ ᠬᠡᠪᠴᠢᠶ᠎ᠡ ᠶᠢ ᠥᠷᠭᠡᠳᠬᠡᠬᠦ᠂ ᠬᠦᠷᠢᠶᠡᠯᠡᠩ ᠲᠣᠭᠤᠷᠢᠭ ᠪᠠ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠪᠠᠶᠢᠷᠢ ᠪᠠ ᠨᠡᠶᠢᠲᠡ ᠶᠢᠨ ᠪᠠᠶᠢᠷᠢ ᠲᠣᠬᠢᠷᠠᠭᠤᠯᠤᠨ ᠪᠠᠶᠢᠭᠤᠯᠬᠤ ᠶᠢ ᠵᠣᠷᠢᠭᠵᠢᠭᠤᠯᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠣᠶᠤᠲᠠᠳ ᠢ ᠬᠠᠪᠰᠤᠷᠤᠨ ᠢᠳᠡᠵᠦ ᠡᠮᠦᠰᠬᠦ ᠶᠠᠪᠤᠵᠤ ᠰᠠᠭᠤᠬᠤ ᠶᠢᠨ ︽ᠵᠠᠩᠭᠢᠯᠠᠭ᠎ᠠ ᠶᠢᠨ ᠪᠠᠭ᠎ᠠ ᠤᠴᠢᠷ︾ ᠢ ᠰᠠᠶᠢᠲᠤᠷ ᠰᠢᠢᠳᠪᠦᠷᠢᠯᠡᠨ᠎ᠡ᠃      ᠭᠤᠷᠪᠠ᠂ ᠭᠤᠣᠯ ᠠᠭᠤᠯᠭ᠎ᠠ      ︽ᠲᠤᠰᠬᠠᠢ ᠠᠵᠢᠯᠯᠠᠭ᠎ᠠ︾ ᠨᠢ 2024 ᠣᠨ ᠳᠤ 5 ᠲᠦᠮᠡᠨ ᠣᠶᠣᠲᠠᠨ ᠬᠥᠬᠡᠬᠤᠲᠠ ᠳᠤ ᠢᠷᠡᠵᠦ᠂ ᠬᠥᠬᠡᠬᠤᠲᠠ ᠳᠠᠭᠠᠨ ᠪᠤᠴᠠᠵᠤ᠂ ᠬᠥᠬᠡᠬᠤᠲᠠ ᠳᠤ ᠦᠯᠡᠳᠡᠵᠦ ᠠᠵᠢᠯ ᠣᠯᠵᠤ ᠦᠢᠯᠡᠰ ᠴᠣᠭᠴᠠᠯᠠᠬᠤ ᠶᠢ ᠪᠠᠲᠤᠯᠠᠨ᠂ 6 ᠲᠦᠮᠡ ᠬᠦᠷᠭᠡᠬᠦ ᠪᠠᠷ ᠴᠢᠷᠮᠠᠶᠢᠵᠤ᠂ ᠣᠶᠤᠲᠠᠳ ᠤᠨ ᠬᠠᠮᠤᠭ ᠠᠴᠠ ᠠᠩᠬᠠᠷᠴᠤ ᠪᠠᠶᠢᠭ᠎ᠠ ᠠᠵᠢᠯ ᠤᠨ ᠪᠠᠶᠢᠷᠢ᠂ ᠤᠷ᠎ᠠ ᠴᠢᠳᠠᠪᠤᠷᠢ ᠶᠢ ᠳᠡᠭᠡᠭᠰᠢᠯᠡᠭᠦᠯᠬᠦ᠂ ᠰᠢᠨ᠎ᠡ ᠶᠢ ᠡᠭᠦᠳᠴᠦ ᠦᠢᠯᠡᠰ ᠪᠣᠰᠬᠠᠬᠤ᠂ ᠠᠮᠤᠭᠤᠯᠠᠩ ᠣᠷᠣᠨ ᠰᠠᠭᠤᠴᠠ ᠶᠢᠨ ᠪᠠᠲᠤᠯᠠᠭ᠎ᠠ ᠵᠡᠷᠭᠡ ᠲᠠᠯ᠎ᠠ ᠠᠴᠠ ᠭᠠᠷᠳᠠᠨ ᠬᠦᠴᠦᠯᠡᠵᠦ᠂ ︽ᠠᠵᠤ ᠦᠢᠯᠡᠰ ᠤᠨ ᠠᠵᠢᠯ ᠤᠨ ᠪᠠᠶᠢᠷᠢ ᠶᠢ ᠥᠷᠭᠡᠳᠬᠡᠬᠦ︾᠂ ︽ᠠᠳᠠᠯ ᠦᠢᠯᠡᠰ ᠴᠣᠭᠴᠠᠯᠠᠬᠤ ᠶᠢ ᠲᠤᠰᠠᠯᠠᠬᠤ ᠠᠵᠢᠯᠯᠠᠭ᠎ᠠ︾᠂ ︽ᠴᠢᠳᠠᠪᠤᠷᠢᠲᠠᠨ ᠡᠯᠰᠡᠵᠦ ᠤᠶᠤᠨ ᠤᠬᠠᠭᠠᠨ ᠣᠷᠣᠭᠤᠯᠬᠤ ᠠᠵᠢᠯᠯᠠᠭ᠎ᠠ︾ ᠵᠡᠷᠭᠡ ᠪᠣᠳᠠᠲᠠᠢ 8 ᠵᠦᠢᠯ ᠤᠨ ᠠᠵᠢᠯᠯᠠᠭ᠎ᠠ᠂ 22 ᠵᠦᠢᠯ ᠤᠨ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠎ᠡ᠃      ︵ᠨᠢᠭᠡ︶ ︽ᠠᠵᠤ ᠦᠢᠯᠡᠰ ᠤᠨ ᠠᠵᠢᠯ ᠤᠨ ᠪᠠᠶᠢᠷᠢ ᠶᠢ ᠥᠷᠭᠡᠳᠬᠡᠬᠦ︾ ᠠᠵᠢᠯᠯᠠᠭ᠎ᠠ ᠶᠢ ᠬᠡᠷᠡᠭᠵᠢᠭᠦᠯᠦᠨ᠎ᠡ᠃ ᠡᠭᠦᠨ ᠳᠤ ᠨᠡᠶᠢᠲᠡ 3 ᠵᠦᠢᠯ ᠤᠨ ᠠᠷᠭ᠎ᠠ ᠬᠡᠮᠵᠢᠶ᠎ᠡ ᠲᠠᠢ᠃ 2024 ᠣᠨ ᠳᠤ 70 ᠠᠴᠠ ᠳᠡᠭᠡᠭᠰᠢ ᠦᠢᠯᠡᠳᠬᠦ ᠦᠢᠯᠡᠰ ᠤᠨ ᠲᠥᠷᠥᠯ ᠵᠦᠢᠯ ᠢ ᠲᠠᠲᠠᠨ ᠪᠡᠯᠡ ᠣᠷᠣᠭᠤᠯᠵᠤ᠂ ︽ᠲᠤᠰᠬᠠᠢ ᠨᠠᠷᠢᠯᠢᠭ ᠣᠨᠴᠠ ᠰᠢᠨ᠎ᠡ︾ ︽ᠰᠢᠨ᠎ᠡ ᠶᠢ ᠡᠭᠦᠳᠬᠦ ᠬᠡᠯᠪᠡᠷᠢ︾ ᠶᠢᠨ ᠳᠤᠮᠳᠠ ᠵᠢᠵᠢᠭ ᠠᠵᠤ ᠠᠬᠤᠶᠢᠯᠠᠯ ᠢ 40 ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠦᠨ᠂ ᠦᠢᠯᠡᠴᠢᠯᠡᠭᠡᠨ ᠤ ᠦᠢᠯᠡᠰ ᠤᠨ ᠴᠢᠬᠤᠯᠠ ᠶᠡᠭᠡ ᠲᠥᠷᠥᠯ ᠵᠦᠢᠯ ᠢ 30 ᠠᠴᠠ ᠳᠡᠭᠡᠭᠰᠢ ᠪᠦᠲᠦᠭᠡᠨ ᠪᠠᠶᠢᠭᠤᠯᠵᠤ᠂ ᠵᠢᠯ ᠤᠨ ᠳᠣᠲᠣᠷ᠎ᠠ 4.8 ᠲᠦᠮᠡ ᠠᠴᠠ ᠳᠡᠭᠡᠭᠰᠢ ᠬᠥᠮᠥᠨ ᠳᠤ ᠰᠢᠨ᠎ᠡ ᠪᠠᠷ ᠠᠵᠢᠯ ᠣᠯᠭᠤᠬᠤ ᠶᠢ ᠳᠠᠶᠢᠴᠢᠯᠠᠨ᠎ᠠ᠃      ︵ᠬᠤᠶᠠᠷ︶ ︽ᠠᠵᠢᠯ ᠣᠯᠭᠤᠯᠲᠠ ᠪᠠᠷ ᠠᠵᠤ ᠠᠬᠤᠶᠢᠯᠠᠯ ᠢ ᠲᠤᠰᠠᠯᠠᠬᠤ︾ ᠠᠵᠢᠯᠯᠠᠭ᠎ᠠ ᠶᠢ ᠬᠡᠷᠡᠭᠵᠢᠭᠦᠯᠦᠨ᠎ᠡ᠃ ᠡᠭᠦᠨ ᠳᠤ ᠨᠡᠶᠢᠲᠡ 3 ᠵᠦᠢᠯ ᠤᠨ ᠠᠷᠭ᠎ᠠ ᠬᠡᠮᠵᠢᠶ᠎ᠡ ᠲᠠᠢ᠃ ︽ᠵᠢᠷᠭᠤᠭᠠᠨ ᠶᠡᠭᠡ ᠠᠵᠤ ᠦᠢᠯᠡᠰ ᠤᠨ ᠪᠥᠭᠡᠮᠨᠡᠷᠡᠯ︾ ᠤᠨ ᠠᠵᠢᠯᠴᠢᠨ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠦᠨ᠂ ︽ᠠᠵᠤ ᠠᠬᠤᠶᠢᠯᠠᠯ ᠢ ᠰᠤᠷᠪᠤᠯᠵᠢᠯᠠᠵᠤ ᠠᠵᠢᠯ ᠤᠨ ᠪᠠᠶᠢᠷᠢ ᠡᠷᠢᠬᠦ︾᠂ ︽ᠪᠡᠶ᠎ᠡ ᠳᠤᠨᠢ ᠲᠣᠬᠢᠷᠠᠭᠤᠯᠤᠨ ᠲᠣᠭᠲᠠᠭᠠᠬᠤ︾᠂ ︽ᠠᠵᠢᠯᠲᠠᠨ ᠡᠯᠰᠡᠬᠦ ᠲᠤᠰᠬᠠᠢ ᠠᠵᠢᠯᠯᠠᠭ᠎ᠠ︾ ᠶᠢᠨ ᠦᠢᠯᠡᠴᠢᠯᠡᠭᠡᠨ ᠤ ᠠᠵᠢᠯᠯᠠᠭ᠎ᠠ ᠶᠢ 100 ᠠᠴᠠ ᠳᠡᠭᠡᠭᠰᠢ ᠤᠳᠠᠭ᠎ᠠ ᠥᠷᠨᠢᠭᠦᠯᠦᠨ᠎ᠡ᠃      ︵ᠭᠤᠷᠪᠠ︶ ︽ᠤᠷ᠎ᠠ ᠮᠡᠷᠭᠡᠵᠢᠯ ᠢ ᠳᠡᠭᠡᠭᠰᠢᠯᠡᠭᠦᠯᠬᠦ︾ ᠠᠵᠢᠯᠯᠠᠭ᠎ᠠ ᠶᠢ ᠬᠡᠷᠡᠭᠵᠢᠭᠦᠯᠦᠨ᠎ᠡ᠃ ᠨᠡᠶᠢᠲᠡ 2 ᠵᠦᠢᠯ ᠤᠨ ᠠᠷᠭ᠎ᠠ ᠬᠡᠮᠵᠢᠶ᠎ᠡ ᠲᠠᠢ᠃ ᠠᠵᠢᠯ ᠮᠡᠷᠭᠡᠵᠢᠯ ᠤᠨ ᠰᠤᠷᠭᠠᠨ ᠬᠥᠮᠦᠵᠢᠯ ᠪᠠ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠢ 100 ᠠᠴᠠ ᠳᠡᠭᠡᠭᠰᠢ ᠤᠳᠠᠭ᠎ᠠ ᠥᠷᠨᠢᠭᠦᠯᠵᠦ᠂ ᠣᠶᠤᠲᠠᠳ ᠢ 5000 ᠬᠥᠮᠥᠨ ᠤᠳᠠᠭ᠎ᠠ ᠠᠴᠠ ᠳᠡᠭᠡᠭᠰᠢ ᠪᠣᠯᠪᠠᠰᠤᠷᠠᠭᠤᠯᠤᠨ᠎ᠠ︔ ᠳᠤᠮᠳᠠ ᠵᠡᠷᠭᠡ ᠶᠢᠨ ᠠᠵᠢᠯᠴᠢᠨ ᠠᠴᠠ ᠳᠡᠭᠡᠭᠰᠢᠬᠢ ᠵᠠᠯᠠᠭᠤ ᠮᠡᠷᠭᠡᠵᠢᠯ ᠤᠨ ᠠᠵᠢᠯᠴᠢᠨ ᠢ 8000  ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠵᠦ᠂ ᠨᠢᠭᠡ ᠪᠦᠯᠦᠭ ᠰᠢᠨ᠎ᠡ ᠴᠠᠭ ᠦᠶ᠎ᠡ ᠶᠢᠨ ᠵᠠᠯᠠᠭᠤ ᠤᠷᠠᠨ ᠲᠠᠷᠬᠠᠨ ᠤ ᠨᠡᠶᠢᠲᠡᠯᠢᠭ ᠵᠢᠱᠢᠶ᠎ᠡ ᠶᠢ ᠭᠤᠣᠯᠳᠠᠯᠭ᠎ᠠ ᠲᠠᠢ ᠪᠣᠶᠢᠵᠢᠭᠤᠯᠤᠨ᠎ᠠ᠃      ︵ᠳᠥᠷᠪᠡ︶ ︽ᠬᠥᠮᠥᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡ ᠶᠢ ᠳᠡᠭᠡᠭᠰᠢᠯᠡᠭᠦᠯᠬᠦ︾ ᠠᠵᠢᠯᠯᠠᠭ᠎ᠠ ᠶᠢ ᠬᠡᠷᠡᠭᠵᠢᠭᠦᠯᠦᠨ᠎ᠡ᠃ ᠨᠡᠶᠢᠲᠡ 2 ᠵᠦᠢᠯ ᠤᠨ ᠠᠷᠭ᠎ᠠ ᠬᠡᠮᠵᠢᠶ᠎ᠡ ᠲᠠᠢ᠃ ᠬᠦᠴᠦᠨ ᠢᠶᠠᠨ ᠲᠥᠪᠯᠡᠷᠡᠭᠦᠯᠦᠨ ᠬᠥᠮᠥᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠵᠡᠷᠭᠡ ᠲᠠᠰ ᠢ ᠳᠡᠪᠰᠢᠭᠦᠯᠵᠦ᠂ ᠤᠯᠤᠰ ᠤᠨ ᠲᠠᠰ ᠤᠨ ᠬᠥᠮᠥᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠠᠵᠤ ᠦᠢᠯᠡᠰ ᠤᠨ ᠬᠦᠷᠢᠶᠡᠯᠡᠩ ᠢ ᠪᠠᠶᠢᠭᠤᠯᠵᠤ᠂ ᠡᠵᠡᠩᠨᠡᠯᠲᠡ ᠶᠢᠨ ᠴᠢᠨᠠᠷᠲᠠᠢ ᠬᠥᠮᠥᠨ ᠤ ᠬᠦᠴᠦᠨ ᠤ ᠡᠬᠢ ᠪᠠᠶᠠᠯᠢᠭ ᠤᠨ ᠪᠠᠶᠢᠭᠤᠯᠤᠮᠵᠢ ᠠᠴᠠ ᠵᠢᠷᠭᠤᠭᠠᠨ ᠶᠡᠭᠡ ᠠᠵᠤ ᠦᠢᠯᠡᠰ ᠤᠨ ᠬᠥᠲᠥᠴᠢ ᠠᠵᠤ ᠠᠬᠤᠶᠢᠯᠠᠯ ᠳᠤ ᠪᠠᠴᠢᠮ ᠳᠤᠲᠠᠭᠳᠠᠵᠤ ᠪᠠᠶᠢᠭ᠎ᠠ ᠴᠢᠳᠠᠪᠤᠷᠢᠲᠠᠨ ᠪᠠ ᠳᠡᠭᠡᠳᠦ ᠲᠡᠰ ᠤᠨ ᠬᠠᠮᠢᠶᠠᠷᠤᠯᠲᠠ ᠶᠢᠨ ᠠᠵᠢᠯᠲᠠᠨ ᠡᠯᠰᠡᠬᠦ ᠶᠢ ᠵᠣᠷᠢᠭᠵᠢᠭᠤᠯᠤᠨ᠎ᠠ᠃ ᠰᠤᠷᠭᠠᠭᠤᠯᠢ ᠪᠠ ᠠᠵᠤ ᠠᠬᠤᠶᠢᠯᠠᠯ ᠤᠨ ᠬᠠᠮᠲᠤᠷᠠᠯᠴᠠᠭᠠᠨ ᠤ ᠲᠠᠪᠴᠠᠩ ᠪᠠ ᠬᠦᠷᠢᠶᠡᠯᠡᠩ ᠠᠵᠤ ᠠᠬᠤᠶᠢᠯᠠᠯ ᠤᠨ ᠦᠢᠯᠡᠴᠢᠯᠡᠭᠡᠨ ᠤ ᠲᠠᠪᠴᠠᠩ ᠢ ᠪᠠᠶᠢᠭᠤᠯᠵᠤ᠂ ᠣᠯᠠᠨ ᠡᠰᠢᠵᠢᠭᠰᠡᠨ ᠬᠥᠮᠥᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡ ᠬᠠᠩᠭᠠᠨ᠎ᠠ᠃      ︵ᠲᠠᠪᠤ︶ ︽ᠠᠳᠠᠯ ᠦᠢᠯᠡᠰ ᠴᠣᠭᠴᠠᠯᠠᠬᠤ ᠶᠢ ᠲᠤᠰᠠᠯᠠᠬᠤ︾ ᠠᠵᠢᠯᠯᠠᠭ᠎ᠠ ᠶᠢ ᠬᠡᠷᠡᠭᠵᠢᠭᠦᠯᠦᠨ᠎ᠡ᠃ ᠡᠭᠦᠨ ᠳᠤ ᠨᠡᠶᠢᠲᠡ 3 ᠵᠦᠢᠯ ᠤᠨ ᠠᠷᠭ᠎ᠠ ᠬᠡᠮᠵᠢᠶ᠎ᠡ ᠲᠠᠢ᠃ ᠢᠯᠡ ᠲᠣᠳᠣ ᠣᠨᠴᠠᠯᠢᠭ ᠲᠠᠢ᠂ ᠪᠦᠷᠢᠨ ᠲᠡᠭᠦᠯᠳᠡᠷ ᠴᠢᠳᠠᠪᠤᠷᠢ ᠲᠠᠢ ᠠᠳᠠᠯ ᠦᠢᠯᠡᠰ ᠴᠣᠭᠴᠠᠯᠠᠬᠤ ᠠᠴᠢᠶᠠᠯᠠᠪᠤᠷᠢ ᠶᠢ 10 ᠠᠴᠠ ᠳᠡᠭᠡᠭᠰᠢ ᠪᠣᠶ ᠪᠣᠯᠭᠠᠵᠤ᠂ 5000 ᠠᠴᠠ ᠳᠡᠭᠡᠭᠰᠢ ᠬᠥᠮᠥᠨ ᠢ ᠵᠣᠬᠢᠶᠠᠨ ᠪᠠᠶᠢᠭᠤᠯᠤᠨ ᠠᠳᠠᠯ ᠦᠢᠯᠡᠰ ᠴᠣᠭᠴᠠᠯᠠᠬᠤ ᠪᠣᠯᠪᠠᠰᠤᠷᠠᠭᠤᠯᠤᠯ ᠳᠤ ᠣᠷᠣᠯᠴᠠᠭᠤᠯᠵᠤ᠂ ᠠᠳᠠᠯ ᠦᠢᠯᠡᠰ ᠴᠣᠭᠴᠠᠯᠠᠬᠤ ᠪᠠᠲᠤᠯᠠᠭᠠᠲᠤ ᠵᠢᠭᠡᠯᠡᠯᠭᠡ ᠶᠢ 1 ᠳ᠋ᠦᠩᠰᠢᠭᠤᠷ ᠲᠥᠭᠦᠷᠢᠭ ᠠᠴᠠ ᠳᠡᠭᠡᠭᠰᠢ ᠲᠠᠯᠪᠢᠨ᠎ᠠ᠃      ︵ᠵᠢᠷᠭᠤᠭ᠎ᠠ︶ ︽ᠴᠢᠳᠠᠪᠤᠷᠢᠲᠠᠨ ᠡᠯᠰᠡᠵᠦ ᠤᠶᠤᠨ ᠤᠬᠠᠭᠠᠨ ᠣᠷᠣᠭᠤᠯᠬᠤ︾ ᠠᠵᠢᠯᠯᠠᠭ᠎ᠠ ᠶᠢ ᠬᠡᠷᠡᠭᠵᠢᠭᠦᠯᠦᠨ᠎ᠡ᠃ ᠡᠭᠦᠨ ᠳᠤ ᠨᠡᠶᠢᠲᠡ 3 ᠵᠦᠢᠯ ᠤᠨ ᠠᠷᠭ᠎ᠠ ᠬᠡᠮᠵᠢᠶ᠎ᠡ ᠲᠠᠢ᠃ ᠣᠷᠣᠨ ᠤ ᠭᠠᠳᠠᠨᠠᠬᠢ ᠳᠡᠭᠡᠳᠦ ᠵᠡᠷᠭᠡ ᠶᠢᠨ ᠰᠤᠷᠭᠠᠭᠤᠯᠢ ᠳᠤ ᠢᠳᠡᠪᠬᠢᠲᠡᠢ ᠪᠠᠷ ᠬᠦᠷᠴᠦ ᠴᠢᠳᠠᠪᠤᠷᠢᠲᠠᠨ ᠡᠯᠰᠡᠨ ᠤᠶᠤᠨ ᠤᠬᠠᠭᠠᠨ ᠣᠷᠣᠭᠤᠯᠬᠤ ᠠᠵᠢᠯᠯᠠᠭ᠎ᠠ ᠥᠷᠨᠢᠭᠦᠯᠵᠦ᠂ ᠪᠦᠬᠦ ᠬᠤᠳᠠ ᠳᠤ ᠳᠡᠭᠡᠳᠦ ᠰᠤᠷᠭᠠᠭᠤᠯᠢ ᠲᠡᠭᠦᠰᠦᠭᠰᠡᠨ ᠰᠤᠷᠤᠭᠴᠢᠳ ᠲᠤ 2000 ᠠᠴᠠ ᠳᠡᠭᠡᠭᠰᠢ ᠠᠵᠢᠯ ᠤᠨ ᠪᠠᠶᠢᠷᠢ ᠶᠢ ᠬᠠᠩᠭᠠᠵᠤ᠂ ᠦᠨᠳᠦᠰᠦᠨ ᠱᠠᠲᠤᠨ ᠤ ᠦᠢᠯᠡᠴᠢᠯᠡᠭᠡᠨ ᠤ ᠵᠦᠢᠯᠡᠰ ᠲᠤ 4000 ᠠᠴᠠ ᠳᠡᠭᠡᠭᠰᠢ ᠣᠶᠤᠲᠠᠨ ᠢ ᠰᠢᠩᠭᠡᠭᠡᠨ᠎ᠡ᠃      ︵ᠳᠣᠯᠤᠭ᠎ᠠ︶ ︽ᠰᠤᠷᠭᠠᠭᠤᠯᠢ ᠳᠤ ᠣᠷᠣᠵᠤ ᠠᠵᠢᠯ ᠤᠨ ᠪᠠᠶᠢᠷᠢ ᠬᠦᠷᠭᠡᠬᠦ︾ ᠠᠵᠢᠯᠯᠠᠭ᠎ᠠ ᠶᠢ ᠬᠡᠷᠡᠭᠵᠢᠭᠦᠯᠦᠨ᠎ᠡ᠃ ᠡᠭᠦᠨ ᠳᠤ ᠨᠡᠶᠢᠲᠡ 3 ᠵᠦᠢᠯ ᠤᠨ ᠠᠷᠭ᠎ᠠ ᠬᠡᠮᠵᠢᠶ᠎ᠡ ᠲᠠᠢ᠃ ᠬᠥᠬᠡᠬᠤᠲᠠ ᠳᠤ ᠰᠠᠭᠤᠭ᠎ᠠ ᠳᠡᠭᠡᠳᠦ ᠰᠤᠷᠭᠠᠭᠤᠯᠢ ᠶᠢᠨ ᠴᠢᠳᠠᠪᠤᠷᠢᠲᠠᠨ ᠤ ᠦᠢᠯᠡᠴᠢᠯᠡᠭᠡᠨ ᠤ ᠠᠵᠢᠯ ᠤᠨ ᠥᠷᠲᠡᠭᠡ ᠶᠢᠨ ᠴᠢᠳᠠᠮᠵᠢ ᠶᠢ ᠪᠠᠳᠠᠷᠠᠭᠤᠯᠤᠨ᠂ ᠳᠡᠭᠡᠳᠦ ᠰᠤᠷᠭᠠᠭᠤᠯᠢ ᠶᠢᠨ ᠰᠤᠷᠭᠠᠭᠤᠯᠢ ᠶᠢᠨ ᠬᠦᠷᠢᠶᠡᠨ ᠤ ᠰᠦᠯᠵᠢᠶ᠎ᠡ ᠬᠢᠭᠡᠳ ᠣᠯᠠᠨ ᠨᠡᠶᠢᠲᠡ ᠶᠢᠨ ᠠᠵᠢᠯ ᠣᠯᠭᠤᠯᠲᠠ ᠴᠢᠳᠠᠪᠤᠷᠢᠲᠠᠨ ᠤ ᠦᠢᠯᠡᠴᠢᠯᠡᠭᠡᠨ ᠤ ᠰᠦᠯᠵᠢᠶ᠎ᠡ ᠶᠢ ᠪᠦᠬᠦ ᠲᠠᠯ᠎ᠠ ᠪᠠᠷ ᠵᠠᠯᠭᠠᠯᠳᠤᠬᠤ ᠶᠢ ᠠᠬᠢᠭᠤᠯᠵᠤ᠂ ᠠᠵᠢᠯ ᠣᠯᠭᠤᠬᠤ ᠲᠥᠷᠥ ᠶᠢᠨ ᠪᠣᠳᠣᠯᠭ᠎ᠠ ᠶᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠠᠵᠢᠯᠯᠠᠭ᠎ᠠ ᠶᠢ 30 ᠠᠴᠠ ᠳᠤᠲᠠᠭᠤ ᠦᠭᠡᠢ ᠤᠳᠠᠭ᠎ᠠ ᠥᠷᠨᠢᠭᠦᠯᠵᠦ᠂ ᠵᠢᠯ ᠤᠨ ᠳᠣᠲᠣᠷ᠎ᠠ ᠰᠤᠷᠭᠠᠭᠤᠯᠢ ᠠᠴᠠ ᠪᠠᠨ ᠰᠠᠯᠤᠭᠠᠳ ᠠᠵᠢᠯ ᠣᠯᠣᠭᠠᠳᠤᠢ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ ᠣᠯᠭᠤᠯᠲᠠ ᠶᠢ 90% ᠠᠴᠠ ᠳᠡᠭᠡᠭᠰᠢ ᠬᠦᠷᠭᠡᠨ᠎ᠡ᠃      ︵ᠨᠠᠢᠮᠠ︶ ︽ᠠᠮᠤᠭᠤᠯᠠᠩ ᠣᠷᠣᠨ ᠰᠠᠭᠤᠴᠠ ᠶᠢᠨ ᠪᠠᠲᠤᠯᠠᠭ᠎ᠠ︾ ᠶᠢᠨ ᠠᠵᠢᠯᠯᠠᠭ᠎ᠠ ᠶᠢ ᠬᠡᠷᠡᠭᠵᠢᠭᠦᠯᠦᠨ᠎ᠡ᠃ ᠡᠭᠦᠨ ᠳᠤ ᠨᠡᠶᠢᠲᠡ 3 ᠵᠦᠢᠯ ᠤᠨ ᠠᠷᠭ᠎ᠠ ᠬᠡᠮᠵᠢᠶ᠎ᠡ ᠲᠠᠢ᠃ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢ 2000 ᠢᠵᠢ᠂ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢ 3000 ᠢᠵᠢ ᠴᠤᠭᠯᠠᠭᠤᠯᠤᠨ᠎ᠠ᠃ ᠭᠡᠷ ᠪᠠᠶᠢᠰᠢᠩ ᠲᠦᠷᠢᠶᠡᠰᠦᠯᠡᠬᠦ ᠪᠠ ᠬᠤᠳᠠᠯᠳᠤᠨ ᠠᠪᠬᠤ ᠨᠥᠬᠦᠪᠦᠷᠢ ᠶᠢᠨ ᠲᠥᠷᠥ ᠶᠢᠨ ᠪᠣᠳᠣᠯᠭ᠎ᠠ ᠶᠢᠨ ᠥᠭᠬᠦ ᠶᠣᠰᠣᠲᠠᠢ ᠶᠢ ᠪᠦᠬᠦᠨ ᠢ ᠥᠭᠴᠦ᠂ ᠡᠳ᠋ᠯᠡᠬᠦ ᠶᠣᠰᠣᠲᠠᠢ ᠪᠦᠬᠦᠨ ᠳᠤᠨᠢ ᠡᠳ᠋ᠯᠡᠭᠦᠯᠦᠨ᠎ᠡ᠃ ᠬᠦᠷᠢᠶᠡᠯᠡᠩ ᠲᠣᠭᠤᠷᠢᠭ᠂ ᠠᠵᠤ ᠠᠬᠤᠶᠢᠯᠠᠯ ᠠᠵᠢᠯᠲᠠᠨ ᠠᠵᠢᠯᠴᠢᠨ ᠤ ᠪᠠᠶᠢᠷᠢ᠂ ᠴᠢᠳᠠᠪᠤᠷᠢᠲᠠᠨ ᠤ ᠨᠡᠶᠢᠲᠡ ᠶᠢᠨ ᠪᠠᠶᠢᠷᠢ ᠵᠡᠷᠭᠡ ᠢᠵᠢ ᠪᠦᠷᠢᠳᠦᠭᠦᠯᠬᠦ ᠪᠡᠯᠡᠳᠬᠡᠮᠵᠢ ᠪᠠᠶᠢᠭᠤᠯᠬᠤ ᠶᠢ ᠵᠣᠷᠢᠭᠵᠢᠭᠤᠯᠵᠤ᠂ ᠣᠶᠤᠲᠠᠳ ᠤᠨ ᠣᠷᠣᠨ ᠰᠠᠭᠤᠴᠠ ᠶᠢᠨ ᠬᠡᠷᠡᠭᠴᠡᠭᠡ ᠱᠠᠭᠠᠷᠳᠠᠯᠭ᠎ᠠ ᠶᠢ ᠪᠥᠬᠦ ᠲᠠᠯ᠎ᠠ ᠪᠠᠷ ᠬᠠᠩᠭᠠᠨ᠎ᠠ᠃      ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢᠨ ᠢᠷᠡᠯᠲᠡ᠄ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ      ᠬᠠᠷᠢᠯᠴᠠᠬᠤ ᠤᠲᠠᠰᠤ᠄ 51812012024 ᠣᠨ ᠤ ︽ᠲᠠᠪᠤᠨ ᠲᠦᠮᠡᠨ ᠣᠶᠤᠲᠠᠨ ᠢ ᠬᠥᠬᠡᠬᠤᠲᠠ ᠳᠤ ᠦᠯᠡᠳᠡᠭᠡᠬᠦ︾ ᠲᠤᠰᠬᠠᠢ ᠠᠵᠢᠯᠯᠠᠭ᠎ᠠ ᠶᠢᠨ ᠬᠡᠷᠡᠭᠵᠢᠭᠦᠯᠬᠦ ᠲᠥᠰᠥᠯ ᠢ ᠳᠠᠷᠤᠮᠠᠯᠯᠠᠨ ᠶᠠᠪᠤᠭᠤᠯᠬᠤ ᠲᠤᠬᠠᠢ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ