1 ᠳ᠋ᠤᠭᠡᠷ ᠰᠠᠷ᠎ᠠ ᠶᠢᠨ 17 ᠤ ᠡᠳᠦᠷ᠂ ᠢᠦᠢ ᠴᠢᠤᠸᠠᠨ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ | ᠤᠯᠠᠮᠵᠢᠯᠠᠯᠲᠤ ᠪᠠᠶᠠᠷ ᠤᠨ ᠡᠳᠦᠷ ︽ᠯᠠ ᠰᠠᠷ᠎ᠠ ᠶᠢᠨ ᠨᠠᠢᠮᠠᠨ ᠤ ᠪᠠᠶᠠᠷ︾ ᠢᠶᠠᠷ ᠠᠵᠠ ᠲᠣᠬᠢᠶᠠᠯ ᠪᠣᠯᠭᠠᠵᠤ᠂ ᠪᠠᠭ᠎ᠠ ᠲᠦᠷᠭᠡᠨ ᠭᠤᠤᠯ ᠪᠠᠯᠭᠠᠰᠤᠨ ᠤ ᠰᠢᠨ᠎ᠡ | ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠠᠵᠠᠷ ᠲᠠᠢ ᠬᠤᠯᠪᠣᠭᠠᠯᠠᠨ ᠲᠠᠯᠠᠢ ᠠᠶᠢᠯ ᠲᠣᠰᠬᠤᠨ ᠳᠤ ᠬᠦᠷᠴᠦ᠂ ᠢᠦᠢ ᠴᠢᠤᠸᠠᠨ ᠲᠣᠭᠤᠷᠢᠭ ᠤᠨ | ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠲᠥᠪ ᠤᠨ ᠲᠥᠪᠯᠡᠷᠡᠩᠭᠦᠢ ᠵᠢᠱᠢᠶ᠎ᠡ ᠦᠵᠡᠭᠦᠯᠬᠦ ᠠᠵᠢᠯᠯᠠᠭ᠎ᠠ ᠥᠷᠨᠢᠭᠦᠯᠵᠦ᠂ ᠲᠣᠰᠬᠤᠨ ᠤ ᠠᠷᠠᠳ ᠲᠤ | ᠪᠠᠶᠠᠷ ᠤᠨ ᠡᠳᠦᠷ ᠤᠨ ᠬᠠᠶᠢᠷ᠎ᠠ ᠬᠠᠯᠠᠮᠵᠢ ᠪᠠ ᠮᠡᠨᠳᠦᠴᠢᠯᠡᠯ ᠬᠦᠷᠭᠡᠵᠡᠢ᠃ | ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠤᠷᠠᠨ ᠪᠢᠴᠢᠯᠭᠡᠲᠡᠨ ᠪᠢᠷ ᠪᠡᠭᠡ ᠪᠠᠨ ᠰᠠᠴᠤᠵᠤ᠂ ᠲᠣᠰᠬᠤᠨ ᠤ ᠠᠷᠠᠳ ᠲᠤ ᠬᠤᠣᠰ ᠤᠶᠠᠩᠭ᠎ᠠ | ᠪᠢᠴᠢᠵᠦ᠂ ᠴᠠᠭᠠᠨ ᠰᠠᠷ᠎ᠠ ᠶᠢᠨ ᠵᠥᠩᠨᠡᠯ ᠳᠡᠪᠰᠢᠭᠦᠯᠵᠡᠢ᠃ ᠲᠤᠬᠠᠢ ᠶᠢᠨ ᠲᠠᠯᠠᠪᠠᠢ ᠶᠢᠨ ᠤᠷᠠᠨ ᠰᠠᠶᠢᠬᠠᠨ ᠤ ᠲᠣᠭᠯᠠᠯᠲᠠ ᠨᠢ ᠮᠠᠰᠢ ᠤᠯᠠᠨ ᠲᠣᠰᠬᠤᠨ ᠤ | ᠠᠷᠠᠳ ᠤᠨ ᠠᠩᠬᠠᠷᠤᠯ ᠢ ᠲᠠᠲᠠᠵᠤ᠂ ᠤᠯᠠᠭᠠᠨᠮᠥ᠋ᠴᠢᠷ ᠤᠨ ᠭᠡᠰᠢᠭᠦᠳ ᠲᠣᠰᠬᠤᠨ ᠤ ᠠᠷᠠᠳ ᠲᠠᠢ ᠬᠠᠮᠲᠤ ᠪᠠᠷ ᠭᠤᠶᠢᠳᠠ ᠰᠠᠶᠢᠬᠠᠨ ᠤᠷᠠᠨ ᠰᠠᠶᠢᠬᠠᠨ ᠤ | ᠦᠪᠡᠳᠡᠭᠰᠢ ᠨᠠᠶᠢᠷ ᠢ ᠪᠡᠯᠡᠭᠯᠡᠪᠡ᠃ ᠡᠭᠦᠨ ᠤ ᠬᠠᠮᠲᠤ᠂ ᠲᠣᠰ ᠤᠳᠠᠭᠠᠨ ᠤ ᠠᠵᠢᠯᠯᠠᠭ᠎ᠠ ᠳᠤ ᠪᠠᠰᠠ ᠠᠯᠪᠠᠨ ᠵᠢᠷᠤᠮ ᠤᠨ ᠡᠮᠴᠢᠯᠡᠭᠡ ᠶᠢ ᠵᠣᠬᠢᠶᠠᠨ ᠪᠠᠶᠢᠭᠤᠯᠵᠤ᠂ | ᠲᠤᠰᠬᠤᠨ ᠤ ᠠᠷᠠᠳ ᠲᠤ ᠰᠦᠢᠳᠭᠡᠯ ᠬᠤᠷᠢᠶᠠᠬᠤ ᠦᠭᠡᠢ ᠡᠷᠡᠭᠦᠯ ᠮᠡᠨᠳᠦ ᠶᠢᠨ ᠵᠥᠪᠯᠡᠯᠭᠡ ᠪᠠ ᠪᠠᠶᠢᠴᠠᠭᠠᠯᠲᠠ ᠶᠢᠨ ᠦᠢᠯᠡᠴᠢᠯᠡᠭᠡ ᠬᠠᠩᠭᠠᠵᠤ᠂ ᠲᠤᠰᠬᠤᠨ ᠤ | ᠠᠷᠠᠳ ᠤᠨ ᠠᠩᠬᠠᠷᠴᠤ ᠪᠠᠶᠢᠭ᠎ᠠ ᠡᠷᠡᠭᠦᠯ ᠮᠡᠨᠳᠦ ᠶᠢᠨ ᠠᠰᠠᠭᠤᠳᠠᠯ ᠳᠤ ᠬᠠᠷᠢᠭᠤᠯᠲᠠ ᠥᠭᠴᠦ᠂ ᠲᠤᠰᠬᠠᠶ ᠮᠡᠷᠭᠡᠵᠢᠯ ᠤᠨ ᠡᠮᠴᠢᠯᠡᠭᠡᠨ ᠤ ᠰᠠᠨᠠᠭᠤᠯᠭ᠎ᠠ | ᠬᠠᠩᠭᠠᠭᠰᠠᠨ ᠪᠠᠶᠢᠨ᠎ᠠ᠃ | ᠠᠵᠢᠯᠯᠠᠭ᠎ᠠ ᠳᠤᠮᠳᠠ ᠪᠠᠰᠠ ᠯᠠ ᠰᠠᠷ᠎ᠠ ᠶᠢᠨ ᠨᠠᠢᠮᠠᠨ ᠤ ᠪᠠᠶᠠᠷ ᠤᠨ ᠰᠢᠩᠭᠡᠨ ᠪᠤᠳᠠᠭ᠎ᠠ ᠬᠢᠵᠦ᠂ ᠰᠢᠨ᠎ᠡ ᠵᠢᠯ ᠤᠨ ᠦᠨᠦᠷ ᠠᠮᠲᠠ ᠶᠢ ᠣᠯᠠᠨ ᠳᠤ | ᠬᠦᠷᠲᠡᠭᠡᠵᠦ᠂ ᠬᠥᠮᠦᠨ ᠪᠦᠬᠦᠨ ᠤ ᠰᠡᠳᠬᠢᠯ ᠢ ᠳᠤᠯᠠᠭᠠᠴᠠᠭᠤᠯᠪᠠ᠃ | ︽ᠢᠦᠢ ᠴᠢᠤᠸᠠᠨ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠲᠥᠪ ᠲᠤ ᠲᠦᠮᠡ ᠭᠠᠷᠤᠢ ᠬᠤᠣᠰ ᠤᠶᠠᠩᠭ᠎ᠠ | ᠪᠡᠯᠡᠳᠭᠡᠵᠦ ᠤᠯᠠᠨ ᠳᠤ ᠬᠦᠷᠭᠡᠵᠡᠢ᠂ ᠬᠤᠣᠰ ᠤᠶᠠᠩᠭ᠎ᠠ ᠬᠦᠷᠭᠡᠬᠦ ᠠᠴᠠ ᠭᠠᠳᠠᠨ᠎ᠠ᠂ ᠪᠢᠳᠡᠨ ᠳᠤ ᠪᠠᠰᠠ ᠪᠠᠶᠠᠷ ᠪᠠᠶᠠᠰᠤᠯ᠂ ᠰᠣᠶᠣᠯ᠂ ᠡᠷᠡᠭᠦᠯ ᠮᠡᠨᠳᠦ᠂ | ᠬᠠᠤᠯᠢ ᠴᠠᠭᠠᠵᠠ᠂ ᠵᠥᠩᠨᠡᠯ ᠵᠡᠷᠭᠡ ᠠᠯᠢ ᠤᠯᠠᠨ ᠠᠵᠢᠯᠯᠠᠭ᠎ᠠ ᠪᠤᠢ᠂ ᠡᠭᠦᠨ ᠤ ᠵᠣᠷᠢᠯᠭ᠎ᠠ ᠨᠢ ᠳᠠᠷᠤᠢ ᠴᠠᠭᠠᠨ ᠰᠠᠷ᠎ᠠ ᠬᠦᠷᠴᠦ ᠢᠷᠡᠬᠦ ᠠᠴᠠ ᠡᠮᠦᠨ᠎ᠡ᠂ ᠨᠠᠮ | ᠪᠣᠯᠤᠨ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠠᠷᠠᠳ ᠤᠯᠠᠨ ᠳᠤ ᠬᠦᠷᠭᠡᠵᠦ᠂ ᠠᠷᠠᠳ ᠤᠯᠠᠨ ᠢ ᠪᠠᠶᠠᠷ ᠪᠠᠶᠠᠰᠬᠤᠯᠠᠩ ᠲᠠᠢ ᠴᠠᠭᠠᠨ ᠰᠠᠷ᠎ᠠ ᠶᠢ | ᠥᠩᠭᠡᠷᠡᠭᠦᠯᠬᠦ ᠶᠢᠨ ᠲᠥᠯᠥᠭᠡ ᠶᠤᠮ︾ ᠭᠡᠵᠦ ᠢᠦᠢ ᠴᠢᠤᠸᠠᠨ ᠲᠣᠭᠤᠷᠢᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠳᠡᠳ᠋ ᠳᠠᠷᠤᠭ᠎ᠠ᠂ | ᠤᠶᠤᠨ ᠤ ᠪᠣᠯᠪᠠᠰᠤᠨ ᠤ ᠠᠯᠪᠠᠨ ᠭᠡᠷ ᠤᠨ ᠡᠷᠬᠢᠯᠡᠭᠴᠢ ᠵᠠᠩ ᠷᠦᠢ ᠰᠢᠶᠠ ᠬᠡᠯᠡᠪᠡ᠃ | |