ᠢᠦᠢ ᠴᠢᠤᠸᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠤᠪᠴᠢᠶ᠎ᠠ ᠵᠢᠯ ᠤᠨ ᠡᠴᠦᠰ ᠵᠢᠯ ᠤᠨ ᠡᠬᠢᠨ ᠤ ᠠᠶᠤᠯᠭᠦᠢ ᠦᠢᠯᠡᠳᠪᠦᠷᠢᠯᠡᠯ ᠤᠨ ᠪᠠᠶᠢᠴᠠᠭᠠᠯᠲᠠ ᠶᠢᠨ ᠠᠵᠢᠯ ᠦᠷᠨᠢᠭᠦᠯᠪᠡ
ᠨᠡᠶᠢᠲᠡᠯᠡᠭᠰᠡᠨ ᠴᠠᠭ᠄
2024/1/19
      ᠪᠥᠬᠦ ᠲᠤᠭᠤᠷᠢᠭ ᠤᠨ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠶᠤᠯᠭᠦᠢ ᠶᠢ ᠦᠨᠡᠨ ᠬᠦ ᠪᠠᠲᠤᠯᠠᠵᠤ᠂ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠬᠡᠷᠡᠭᠯᠡᠯᠲᠡ ᠶᠢᠨ ᠠᠶᠤᠯᠭᠦᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠶᠢᠨ ᠲᠥᠯᠥᠭᠡ᠂ ᠣᠶᠢᠷ᠎ᠠ ᠳᠤ᠂ ᠢᠦᠶ ᠴᠢᠤᠸᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠬᠠᠤᠯᠢ ᠬᠡᠷᠡᠭᠵᠢᠭᠦᠯᠬᠦ ᠠᠵᠢᠯᠲᠠᠨ ᠬᠠᠷᠢᠶ᠎ᠠ ᠣᠷᠣᠨ ᠤ ᠪᠠᠨ ᠬᠥᠮᠦᠨ ᠣᠯᠠᠨ ᠴᠤᠭᠯᠠᠷᠠᠳᠠᠭ ᠲᠠᠯᠠᠪᠤᠷ ᠤᠨ ᠬᠡᠷᠡᠭᠯᠡᠵᠦ ᠪᠠᠶᠢᠭ᠎ᠠ ᠴᠠᠬᠢᠯᠭᠠᠨ ᠱᠠᠲᠤ ᠳᠤ ᠠᠶᠤᠯᠭᠦᠢ ᠶᠢᠨ ᠪᠠᠶᠢᠴᠠᠭᠠᠯᠲᠠ ᠬᠢᠪᠠ᠃      ᠬᠠᠤᠯᠢ ᠬᠡᠷᠡᠭᠵᠢᠭᠦᠯᠬᠦ ᠠᠵᠢᠯᠲᠠᠨ ᠬᠡᠷᠡᠭᠯᠡᠬᠦ ᠨᠢᠭᠡᠴᠢ ᠵᠢᠴᠢ ᠠᠮᠤᠷ ᠢ ᠬᠠᠮᠠᠭᠠᠯᠠᠬᠤ ᠨᠢᠭᠡᠴᠢ ᠶᠢᠨ ᠠᠶᠤᠯᠭᠦᠶ ᠦᠢᠯᠡᠳᠪᠦᠷᠢᠯᠡᠯ ᠤᠨ ᠲᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠪᠠᠶᠢᠴᠠᠭᠠᠯᠲᠠ ᠬᠢᠪᠠ᠃ ᠠᠶᠤᠯᠭᠦᠶ ᠦᠢᠯᠡᠳᠪᠦᠷᠢᠯᠡᠯ ᠤᠨ ᠲᠦᠷᠢᠮ ᠤᠨ ᠪᠦᠷᠢᠨ ᠲᠡᠭᠦᠯᠳᠡᠷ ᠪᠠᠶᠢᠬᠤ ᠡᠰᠡᠬᠦ᠂ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠵᠢᠴᠢ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠶᠢᠨ ᠪᠠᠶᠢᠳᠠᠯ᠂ ᠤᠯᠤᠰ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠶᠢᠨ 73᠂ 74 ᠳ᠋ᠤᠭᠡᠷ ᠲᠣᠭᠠᠲᠤ ᠵᠠᠷᠯᠢᠭ ᠢ ᠨᠠᠶᠢᠳᠠᠪᠤᠷᠢᠵᠢᠭᠤᠯᠤᠭᠰᠠᠨ ᠪᠠᠶᠢᠳᠠᠯ ᠵᠡᠷᠭᠡ ᠶᠢ ᠪᠠᠶᠢᠴᠠᠭᠠᠪᠠ ᠃ ᠬᠡᠷᠡᠭᠯᠡᠬᠦ ᠨᠢᠭᠡᠴᠢ ᠪᠣᠯᠤᠨ ᠠᠮᠤᠷ ᠢ ᠬᠠᠮᠠᠭᠠᠯᠠᠬᠤ ᠨᠢᠭᠡᠴᠢ ᠪᠠᠶᠠᠷ ᠳᠤᠷᠠᠰᠬᠠᠯ ᠤᠨ ᠠᠮᠠᠷᠠᠯᠲᠠ ᠶᠢᠨ ᠬᠤᠭᠤᠴᠠᠭᠠᠨ ᠳᠤ ᠵᠢᠵᠢᠭᠦᠷᠯᠡᠨ ᠰᠠᠬᠢᠬᠤ ᠠᠵᠢᠯ ᠢ ᠰᠠᠶᠢᠲᠤᠷ ᠬᠢᠬᠦ ᠬᠡᠷᠡᠭᠲᠡᠶ᠃ ᠴᠠᠬᠢᠯᠭᠠᠨ ᠱᠠᠲᠤᠨ ᠤ ᠠᠶᠤᠯᠭᠦᠢ ᠪᠠᠷ ᠠᠵᠢᠯᠯᠠᠵᠤ ᠪᠠᠶᠢᠭ᠎ᠠ ᠪᠠᠶᠢᠳᠠᠯ ᠢ ᠴᠢᠩᠭ᠎ᠠ ᠪᠠᠶᠢᠴᠠᠭᠠᠬᠤ ᠬᠡᠷᠡᠭᠲᠡᠶ᠃ ᠴᠠᠬᠢᠯᠭᠠᠨ ᠱᠠᠲᠤ ᠶᠢᠨ ᠬᠡᠷᠡᠭᠯᠡᠬᠦ ᠲᠡᠮᠳᠡᠭ ᠵᠢᠴᠢ ᠱᠠᠲᠤᠨ ᠳᠤ ᠰᠠᠭᠤᠬᠤ ᠳᠤ ᠮᠡᠳᠡᠪᠡᠰᠦ ᠵᠤᠬᠢᠬᠤ ᠵᠦᠢᠯ ᠢ ᠢᠯᠡ ᠭᠠᠵᠠᠷ ᠲᠤ ᠨᠠᠭᠠᠭᠰᠠᠨ ᠡᠰᠡᠬᠦ᠂ ᠴᠠᠬᠢᠯᠭᠠᠨ ᠱᠠᠲᠤ ᠶᠢᠨ ᠡᠭᠦᠳᠡᠨ ᠤ ᠬᠠᠪᠴᠢᠭᠤᠷ ᠢ ᠰᠡᠷᠭᠡᠶᠢᠯᠡᠬᠦ ᠲᠣᠨᠣᠭᠯᠠᠯ ᠤᠨ ᠬᠦᠴᠦᠨ ᠲᠠᠢ ᠡᠰᠡᠬᠦ᠂ ᠴᠠᠬᠢᠯᠭᠠᠨ ᠱᠠᠲᠤ ᠶᠢᠨ ᠬᠦᠴᠦᠨ ᠲᠠᠢ ᠬᠤᠭᠤᠴᠠᠭᠠᠨ ᠳᠤ ᠪᠠᠶᠢᠬᠤ ᠡᠰᠡᠬᠦ ᠵᠢᠴᠢ ᠬᠠᠮᠠᠭᠠᠯᠠᠯᠲᠠ ᠶᠢᠨ ᠪᠠᠶᠢᠳᠠᠯ ᠢ ᠰᠢᠯᠭᠠᠨ ᠪᠠᠶᠢᠴᠠᠭᠠᠬᠤ ᠬᠡᠷᠡᠭᠲᠡᠶ᠃ ᠠᠮᠤᠷ ᠢ ᠬᠠᠮᠠᠭᠠᠯᠠᠬᠤ ᠠᠵᠢᠯᠲᠠᠨ ᠠᠮᠤᠷ ᠢ ᠬᠠᠮᠠᠭᠠᠯᠠᠬᠤ ᠠᠵᠢᠯ ᠢ ᠰᠠᠶᠢᠲᠤᠷ ᠬᠢᠵᠦ᠂ ᠠᠮᠤᠷ ᠢ ᠬᠠᠮᠠᠭᠠᠯᠠᠬᠤ ᠶᠠᠰᠤ ᠴᠢᠨᠠᠷ ᠢ ᠪᠠᠲᠤᠯᠠᠵᠤ᠂ ᠴᠠᠬᠢᠯᠭᠠᠨ ᠱᠠᠲᠤ ᠶᠢᠨ ᠠᠶᠤᠯᠭᠦᠢ ᠲᠣᠭᠲᠠᠭᠤᠨ ᠢᠶᠠᠷ ᠠᠵᠢᠯᠯᠠᠬᠤ ᠶᠢ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃      ᠳᠠᠷᠠᠭᠠᠴᠢ ᠶᠢᠨ ᠠᠯᠬᠤᠮ ᠳᠤ᠂ ᠢᠦᠢ ᠴᠢᠤᠸᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠤᠪᠴᠢᠶ᠎ᠠ ᠵᠢᠯ ᠤᠨ ᠡᠴᠦᠰ ᠵᠢᠯ ᠤᠨ ᠡᠬᠢᠨ ᠤ ᠣᠨᠴᠠ ᠲᠦᠷᠦᠯ ᠤᠨ ᠲᠤᠨᠤᠭ ᠲᠥᠬᠦᠭᠡᠷᠦᠮᠵᠢ ᠶᠢᠨ ᠠᠶᠤᠯᠭᠦᠢ ᠶᠢᠨ ᠪᠠᠶᠢᠴᠠᠭᠠᠯᠲᠠ ᠶᠢ ᠦᠷᠭᠦᠯᠵᠢᠯᠡᠨ ᠥᠷᠨᠢᠭᠦᠯᠵᠦ᠂ ᠡᠯ᠎ᠡ ᠲᠦᠷᠦᠯ ᠤᠨ ᠣᠨᠴᠠ ᠲᠦᠷᠦᠯ ᠤᠨ ᠲᠤᠨᠤᠭ ᠲᠥᠬᠦᠭᠡᠷᠦᠮᠵᠢ ᠶᠢᠨ ᠠᠶᠤᠯᠭᠦᠢ ᠦᠢᠯᠡᠳᠪᠦᠷᠢᠯᠡᠯ ᠤᠨ ᠠᠳᠡᠯ ᠭᠠᠷᠬᠤ ᠶᠢ ᠰᠡᠷᠭᠡᠶᠢᠯᠡᠵᠦ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠪᠠᠲᠤᠯᠠᠨ᠎ᠠ᠃
ᠢᠷᠡᠯᠲᠡ᠄ ᠢᠦᠶ ᠴᠢᠤᠸᠠᠨ ᠲᠣᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ