ᠾᠧ ᠬᠠᠢ ᠳ᠋ᠦᠩ ᠬᠤᠷᠢᠨᠭᠡᠷ ᠰᠢᠶᠠᠨ ᠤ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠳᠠᠭᠠᠨ ᠵᠢᠭᠠᠵᠤ ᠭᠠᠷᠭᠠᠭᠰᠠᠨ ᠨᠢ ᠠᠮᠢ ᠴᠦᠯᠡᠨ ᠲᠡᠮᠡᠴᠡᠬᠦ ᠵᠣᠷᠢᠭ ᠰᠠᠨᠠᠭ᠎ᠠ ᠪᠠ ᠭᠠᠪᠰᠢᠭᠠᠶᠢᠯᠠᠬᠤ ᠡᠷᠴᠢ ᠵᠣᠷᠢᠭ ᠢᠶᠠᠷ ᠪᠦᠬᠦ ᠬᠤᠳᠠ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠢ
ᠨᠡᠶᠢᠲᠡᠯᠡᠭᠰᠡᠨ ᠴᠠᠭ᠄
2024/1/19
      ︵ᠰᠤᠷᠪᠤᠯᠵᠢᠯᠠᠭᠴᠢ ᠯᠢᠶᠠᠩ ᠵᠢᠩ ᠱᠤ᠋︶ 1 ᠳ᠋ᠦ᠋ᠭᠡᠷ ᠰᠠᠷ᠎ᠠ ᠶᠢᠨ 18 ᠤ ᠡᠳᠦᠷ ᠤᠨ ᠦᠳᠡ ᠶᠢᠨ ᠬᠤᠶᠢᠨ᠎ᠠ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠾᠧ ᠬᠠᠢ ᠳ᠋ᠦᠩ ᠲᠡᠭᠦᠨ ᠤ ᠪᠠᠶᠢᠭ᠎ᠠ ᠬᠤᠲᠠ ᠶᠢᠨ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠤᠳᠠᠭ᠎ᠠ ᠶᠢᠨ ᠬᠤᠷᠠᠯ ᠤᠨ ᠬᠤᠷᠢᠨᠭᠡᠷ ᠰᠢᠶᠠᠨ ᠤ ᠲᠥᠯᠥᠭᠡᠯᠡᠭᠴᠢᠳ ᠤᠨ ᠪᠦᠯᠬᠦᠮ ᠳᠤ ᠢᠷᠡᠵᠦ᠂ ᠲᠥᠯᠥᠭᠡᠯᠡᠭᠴᠢᠳ ᠲᠠᠢ ᠬᠠᠮᠲᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠢ ᠬᠢᠨᠠᠨ ᠵᠥᠪᠯᠡᠪᠡ᠃      ᠬᠤᠷᠠᠯ ᠳᠡᠭᠡᠷ᠎ᠡ ᠲᠥᠯᠥᠭᠡᠯᠡᠭᠴᠢᠳ ᠢᠳᠡᠪᠬᠢᠲᠡᠢ ᠪᠠᠷ ᠶᠠᠷᠢᠶ᠎ᠠ ᠲᠠᠯᠪᠢᠵᠤ᠂ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠢ ᠳᠡᠭᠡᠳᠦ ᠬᠡᠮᠵᠢᠶ᠎ᠡ ᠪᠠᠷ ᠦᠨᠡᠯᠡᠭᠰᠡᠨ ᠪᠥᠭᠡᠳ ᠪᠣᠬᠢᠷᠲᠤᠯ ᠦᠭᠡᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠠᠵᠤ ᠦᠢᠯᠡᠰ ᠢ ᠰᠠᠶᠢᠲᠤᠷ ᠬᠢᠬᠦ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠵᠡᠷᠭᠡ ᠲᠠᠯ᠎ᠠ ᠪᠠᠷ ᠰᠠᠨᠠᠯ ᠰᠠᠨᠠᠭᠤᠯᠭ᠎ᠠ ᠳᠤᠷᠠᠳᠴᠠᠢ᠃ ᠾᠧ ᠬᠠᠢ ᠳ᠋ᠦᠩ ᠨᠠᠷᠢᠨ ᠬᠢᠨᠠᠮᠠᠭᠠᠢ ᠰᠣᠨᠣᠰᠴᠤ᠂ ᠨᠠᠷᠢᠨ ᠬᠢᠨᠠᠮᠠᠭᠠᠢ ᠲᠡᠮᠳᠡᠭᠯᠡᠵᠦ᠂ ᠪᠠᠶᠢᠨ ᠪᠠᠶᠢᠨ ᠲᠥᠯᠥᠭᠡᠯᠡᠭᠴᠢᠳ ᠲᠠᠢ ᠰᠠᠨᠠᠯ ᠢᠶᠠᠨ ᠭᠦᠨᠵᠡᠭᠡᠢ ᠰᠣᠯᠢᠯᠴᠠᠨ ᠶᠠᠷᠢᠯᠴᠠᠪᠠ᠃      ᠬᠡᠰᠡᠭ ᠲᠥᠯᠥᠭᠡᠯᠡᠭᠴᠢᠳ ᠤᠨ ᠶᠠᠷᠢᠶ᠎ᠠ ᠶᠢ ᠰᠣᠨᠣᠰᠤᠭᠰᠠᠨ ᠤ ᠳᠠᠷᠠᠭ᠎ᠠ᠂ ᠾᠧ ᠬᠠᠢ ᠳ᠋ᠦᠩ ᠬᠡᠯᠡᠭᠰᠡᠨ ᠨᠢ᠂ 2023 ᠣᠨ ᠳᠤ᠂ ᠮᠠᠨ ᠤ ᠬᠤᠲᠠ ᠶᠢᠨ ᠠᠵᠤ ᠠᠬᠤᠢ ᠶᠢᠨ ᠭᠤᠣᠯ ᠭᠦᠢᠴᠡᠳᠬᠡᠯ ᠲᠤᠭ᠎ᠠ ᠶᠢᠨ ᠨᠡᠮᠡᠭᠳᠡᠯ ᠤᠨ ᠬᠤᠷᠳᠤᠴᠠ ᠠᠷᠪᠠᠨ ᠵᠢᠯ ᠤᠨ ᠲᠤᠷᠰᠢᠬᠢ ᠬᠠᠮᠤᠭ ᠤᠨ ᠰᠠᠶᠢᠨ ᠲᠦᠪᠰᠢᠨ ᠳᠤ ᠬᠦᠷᠴᠦ᠂ ᠠᠵᠤ ᠠᠬᠤᠢ ᠶᠢᠨ ᠨᠡᠮᠡᠭᠳᠡᠯ ᠲᠦᠷᠭᠡᠨ ᠤ ᠵᠠᠮ ᠳᠤ ᠣᠷᠣᠵᠤ᠂ ᠣᠷᠣᠨ ᠤ ᠲᠥᠪ ᠤᠨ ᠬᠤᠶᠠᠳᠤᠭᠠᠷ ᠠᠵᠤ ᠦᠢᠯᠡᠰ ᠬᠦᠴᠦᠷᠬᠡᠭ ᠪᠤᠰᠤ ᠪᠠᠶᠢᠭᠰᠠᠨ ᠰᠠᠨᠠᠭᠠᠴᠢᠯᠠᠭᠠᠲᠤ ᠪᠤᠰᠤ ᠪᠠᠶᠢᠳᠠᠯ ᠢ ᠬᠦᠴᠦᠲᠡᠢ ᠬᠤᠪᠢᠷᠠᠭᠤᠯᠵᠤ᠂ ᠬᠤᠲᠠ ᠶᠢᠨ ᠨᠥᠯᠥᠭᠡᠯᠡᠬᠦ ᠬᠦᠴᠦᠨ ᠲᠠᠰᠤᠷᠠᠯᠲᠠ ᠦᠭᠡᠢ ᠳᠡᠭᠡᠭᠰᠢᠯᠡᠨ᠂ ᠪᠥᠬᠦ ᠵᠢᠯ ᠤᠨ ᠡᠯ᠎ᠡ ᠵᠦᠢᠯ ᠤᠨ ᠡᠭᠦᠷᠭᠡ ᠬᠠᠷᠠᠯᠲᠠ ᠪᠠᠨ ᠲᠡᠭᠦᠰ ᠠᠮᠵᠢᠯᠲᠠ ᠲᠠᠢ ᠪᠡᠶᠡᠯᠡᠭᠦᠯᠵᠡᠢ᠃ ᠰᠢᠨ᠎ᠡ ᠨᠢᠭᠡ ᠵᠢᠯ ᠳᠤ᠂ ᠤᠯᠠᠨ ᠢᠶᠠᠷ ᠢᠶᠠᠨ ᠬᠠᠷᠠᠯᠲᠠ ᠪᠠᠨ ᠴᠢᠩᠭ᠎ᠠ ᠠᠩᠬᠠᠷᠴᠤ᠂ ᠡᠷᠴᠢ ᠵᠣᠷᠢᠭ ᠢᠶᠠᠨ ᠬᠥᠪᠴᠢᠯᠡᠨ᠂ ᠪᠤᠰᠢᠭᠤ ᠱᠠᠯᠠᠮᠠᠭᠠᠢ᠂ ᠦᠨᠡᠨ ᠪᠣᠳᠠᠲᠠᠢ ᠠᠵᠢᠯᠯᠠᠵᠤ᠂ ᠪᠦᠬᠦ ᠬᠤᠳᠠ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠬᠤᠷᠢᠨᠭᠡᠷ ᠰᠢᠶᠠᠨ ᠤ ᠬᠦᠴᠦᠨ ᠴᠢᠳᠠᠯ ᠢᠶᠠᠨ ᠴᠢᠷᠮᠠᠶᠢᠨ ᠡᠷᠭᠦᠬᠦ ᠬᠡᠷᠡᠭᠲᠡᠢ᠃ ︽ᠨᠡᠷ᠎ᠡ ᠶᠢ ᠬᠥᠭᠡᠭᠡᠴᠡᠯᠳᠦᠨ ᠲᠡᠷᠢᠭᠦᠨ ᠳᠤ ᠣᠷᠣᠬᠤ ᠪᠠᠷ ᠴᠢᠷᠮᠠᠶᠢᠵᠤ︾᠂ ︽ᠳᠡᠭᠡᠭᠰᠢ ᠦᠰᠦᠷᠦᠨ ᠥᠨᠳᠥᠷ ᠲᠤ ᠬᠦᠷᠴᠦ︾᠂ ᠪᠠᠷᠢᠮᠵᠢᠶ᠎ᠠ ᠪᠠᠨ ᠥᠨᠳᠥᠷ ᠪᠣᠯᠭᠠᠵᠤ᠂ ᠰᠠᠶᠢᠨ ᠲᠠᠢ ᠲᠠᠯ᠎ᠠ ᠪᠠᠨ ᠪᠠᠳᠠᠷᠠᠭᠤᠯᠤᠨ ᠳᠤᠲᠠᠭᠳᠠᠯ ᠲᠠᠢ ᠲᠠᠯ᠎ᠠ ᠪᠠᠨ ᠨᠥᠬᠦᠪᠦᠷᠢᠯᠡᠵᠦ᠂ ︽ᠠᠳᠠᠯᠢᠳᠬᠠᠵᠤ ᠰᠤᠷᠤᠯᠴᠠᠵᠤ ᠭᠦᠢᠴᠡᠵᠦ ᠬᠠᠪᠰᠤᠷᠴᠤ ᠳᠠᠪᠠᠭ᠋ᠤ︾ ᠠᠭᠤᠷ ᠠᠮᠢᠰᠬᠤᠯ ᠢ ᠪᠤᠢ ᠪᠣᠯᠭᠠᠵᠤ᠂ ᠠᠵᠤ ᠠᠬᠤᠢ ᠶᠢᠨ ᠶᠠᠰᠤ ᠴᠢᠨᠠᠷ ᠢ ᠳᠡᠭᠡᠭᠰᠢᠯᠡᠭᠦᠯᠦᠨ ᠲᠤᠭ᠎ᠠ ᠬᠡᠮᠵᠢᠶ᠎ᠡ ᠶᠢ ᠥᠷᠭᠡᠳᠬᠡᠨ ᠦᠷ᠎ᠡ ᠠᠰᠢᠭ ᠢ ᠨᠡᠮᠡᠭᠳᠡᠭᠦᠯᠬᠦ ᠬᠡᠷᠡᠭᠲᠡᠢ᠃ ᠰᠦ ᠶᠢᠨ ᠦᠢᠯᠡᠰ᠂ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠬᠦ ᠵᠡᠷᠭᠡ ᠤᠯᠠᠮᠵᠢᠯᠠᠯᠲᠤ ᠳᠠᠪᠠᠭᠤᠯᠢᠭ ᠠᠵᠤ ᠦᠢᠯᠡᠰ ᠢ ᠰᠠᠶᠢᠲᠤᠷ ᠬᠥᠭᠵᠢᠭᠦᠯᠵᠦ᠂ ᠣᠨᠴᠠᠯᠢᠭᠲᠤ ᠠᠵᠤ ᠦᠢᠯᠡᠰ ᠢ ᠰᠠᠶᠢᠲᠤᠷ ᠲᠥᠯᠥᠪᠵᠢᠭᠦᠯᠵᠦ᠂ ᠬᠦᠷᠢᠶᠡᠯᠡᠩ ᠲᠣᠭᠤᠷᠢᠭ ᠤᠨ ᠴᠤᠭᠯᠠᠷᠠᠯ᠂ ᠲᠣᠯᠣᠭᠠᠶᠢᠯᠠᠭᠴᠢ ᠠᠵᠤ ᠠᠬᠤᠶᠢᠯᠠᠯ ᠬᠠᠪᠰᠤᠷᠴᠤ ᠬᠥᠲᠥᠯᠬᠦ᠂ ᠢᠵᠢ ᠪᠦᠷᠢᠳᠦᠭᠦᠯᠦᠨ ᠪᠦᠲᠦᠭᠡᠨ ᠪᠠᠶᠢᠭᠤᠯᠬᠤ ︽ᠬᠠᠮ ᠠᠷᠭ᠎ᠠ ᠪᠠᠷᠢᠯ︾ ᠤᠨ ᠰᠢᠨ᠎ᠡ ᠤᠷᠤᠯᠳᠤᠭᠠᠨ ᠤ ᠵᠠᠮ ᠢ ᠵᠠᠪᠳᠤᠨ ᠡᠵᠡᠯᠡᠬᠦ ᠬᠡᠷᠡᠭᠲᠡᠢ᠃ ᠤᠳᠤ ᠦᠶ᠎ᠡ ᠶᠢᠨ ᠬᠤᠳᠠ ᠶᠢᠨ ᠲᠠᠷᠢᠶᠠᠯᠠᠩ ᠢ ᠢᠳᠡᠪᠬᠢᠲᠡᠢ ᠪᠠᠷ ᠬᠥᠭᠵᠢᠭᠦᠯᠵᠦ᠂ ᠤᠯᠠᠨ ᠲᠦᠮᠡᠨ ᠢ ᠬᠥᠲᠥᠯᠥᠨ ᠵᠢᠯᠤᠭᠤᠳᠴᠤ ᠬᠤᠳᠠ ᠪᠠᠯᠭᠠᠰᠤᠨ ᠳᠤ ᠲᠥᠪᠯᠡᠷᠡᠭᠦᠯᠵᠦ᠂ ᠤᠯᠠᠨ ᠨᠡᠶᠢᠲᠡ ᠶᠢᠨ ᠦᠢᠯᠡᠴᠢᠯᠡᠭᠡ ᠶᠢ ᠢᠵᠢ ᠪᠦᠷᠢᠳᠦᠭᠦᠯᠬᠦ ᠵᠡᠷᠭᠡ ᠪᠠᠷ ᠭᠤᠣᠯᠳᠠᠯᠭ᠎ᠠ ᠪᠣᠯᠭᠠᠨ᠂ ᠬᠤᠳᠠ ᠬᠥᠳᠡᠭᠡ ᠶᠢ ᠨᠢᠭᠡ ᠴᠣᠭᠴᠠᠵᠢᠭᠤᠯᠬᠤ ᠠᠬᠢᠴᠠ ᠶᠢ ᠲᠦᠷᠭᠡᠳᠬᠡᠬᠦ ᠬᠡᠷᠡᠭᠲᠡᠢ᠃ ᠦᠵᠡᠯ ᠰᠠᠨᠠᠭ᠎ᠠ ᠪᠠᠨ ᠴᠢᠯᠦᠭᠡᠯᠡᠵᠦ᠂ ᠬᠠᠷᠠᠭ᠎ᠠ ᠪᠠᠨ ᠥᠷᠭᠡᠳᠬᠡᠵᠦ᠂ ᠲᠥᠪ᠂ ᠥᠪᠡᠷᠲᠡᠭᠡᠨ ᠵᠠᠰᠠᠬᠤ ᠣᠷᠣᠨ ᠪᠣᠯᠣᠨ ᠬᠤᠳᠠ ᠶᠢᠨ ᠲᠡᠳᠬᠦᠨ ᠳᠡᠮᠵᠢᠬᠦ ᠲᠦᠷᠦ ᠶᠢᠨ ᠪᠣᠳᠣᠯᠭ᠎ᠠ ᠶᠢ ᠰᠠᠶᠢᠲᠤᠷ ᠬᠡᠷᠡᠭᠯᠡᠵᠦ᠂ ᠪᠦᠬᠦ ᠬᠤᠳᠠ ᠶᠢᠨ ᠵᠣᠭᠰᠣᠴᠠ ᠠᠴᠠ ᠲᠦᠷᠦᠯ ᠵᠦᠢᠯ ᠢ ᠲᠥᠯᠥᠪᠵᠢᠭᠦᠯᠵᠦ᠂ ᠪᠦᠬᠦ ᠰᠢᠶᠠᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠠᠵᠢᠯ ᠢ ᠰᠠᠶᠢᠲᠤᠷ ᠬᠢᠵᠦ᠂ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠲᠠᠰᠤᠷᠠᠯᠲᠠ ᠦᠭᠡᠢ ᠬᠠᠩᠭᠠᠬᠤ ᠬᠡᠷᠡᠭᠲᠡᠢ᠃ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢ ᠰᠠᠶᠢᠲᠤᠷ ᠠᠳᠬᠤᠵᠤ᠂ ᠣᠪᠣᠷ ᠤᠨ ᠲᠠᠯ᠎ᠠ ᠪᠠᠷ ︽ᠬᠤᠤᠳᠤᠤ︾ ᠪᠠ ᠶᠠᠪᠤᠴᠠ ᠶᠢᠨ ᠲᠠᠯ᠎ᠠ ᠪᠠᠷ ︽ᠭᠠᠵᠠᠷᠳᠠᠬᠤ︾ ᠶᠢ ᠡᠷᠡᠰ ᠬᠤᠷᠢᠭᠯᠠᠵᠤ᠂ ᠬᠥᠭᠵᠢᠯᠲᠡ ᠶᠢ ᠠᠬᠢᠭᠤᠯᠬᠤ᠂ ᠠᠷᠠᠳ ᠲᠦᠮᠡᠨ ᠳᠤ ᠪᠤᠶᠠᠨ ᠦᠢᠯᠡᠳᠬᠦ ᠬᠡᠷᠡᠭᠵᠢᠭᠦᠯᠦᠭᠴᠢ᠂ ᠠᠵᠢᠯᠯᠠᠭᠠᠨ ᠤ ᠪᠦᠯᠦᠭᠲᠡᠨ᠂ ᠪᠣᠳᠠᠲᠠᠢ ᠠᠵᠢᠯᠯᠠᠭᠴᠢ ᠪᠣᠯᠬᠤ ᠬᠡᠷᠡᠭᠲᠡᠢ ᠭᠡᠵᠡᠢ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ