ᠮᠠᠨ ᠤ ᠬᠤᠲᠠ ᠠᠩᠬᠠᠨ ᠤ ᠭᠡᠷ ᠬᠤᠳᠠᠯᠳᠤᠨ ᠠᠪᠬᠤ ᠵᠢᠭᠡᠯᠡᠯᠭᠡ ᠶᠢᠨ ︽ᠭᠡᠷ ᠢ ᠮᠡᠳᠡᠷᠡᠬᠦ ᠠᠴᠠ ᠪᠢᠰᠢ ᠵᠢᠭᠡᠯᠡᠯᠭᠡ ᠶᠢ ᠮᠡᠳᠡᠷᠡᠬᠦ ᠦᠭᠡᠢ︾ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠪᠠ
ᠨᠡᠶᠢᠲᠡᠯᠡᠭᠰᠡᠨ ᠴᠠᠭ᠄
2024/1/2
      ︵ᠰᠤᠷᠪᠤᠯᠵᠢᠯᠠᠭᠴᠢ ᠶᠦᠨ ᠶᠠᠨ ᠹᠠᠩ︶ ᠲᠦᠷᠦᠭᠦᠬᠡᠨ᠂ ᠮᠠᠨ ᠤ ᠬᠤᠲᠠ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ᠂ ᠳᠤᠮᠳᠠᠳᠤ ᠤᠯᠤᠰ ᠤᠨ ᠠᠷᠠᠳ ᠤᠨ ᠪᠠᠩᠬᠢ᠂ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠶᠢᠨ ︽ᠬᠤᠪᠢ ᠬᠥᠮᠥᠨ ᠤ ᠣᠷᠣᠨ ᠰᠠᠭᠤᠴᠠ ᠶᠢᠨ ᠵᠢᠭᠡᠯᠡᠯᠭᠡ ᠳᠠᠬᠢ ᠣᠷᠣᠨ ᠰᠠᠭᠤᠴᠠ ᠶᠢᠨ ᠲᠤᠭ᠎ᠠ ᠶᠢ ᠮᠠᠭᠠᠳᠯᠠᠨ ᠲᠣᠭᠲᠠᠭᠠᠬᠤ ᠪᠠᠷᠢᠮᠵᠢᠶ᠎ᠠ ᠶᠢ ᠰᠢᠯᠢᠳᠡᠭᠵᠢᠭᠦᠯᠬᠦ ᠲᠤᠬᠠᠢ ᠮᠡᠳᠡᠭᠳᠡᠯ︾ ᠪᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ᠤᠨ ︽ᠬᠠᠳᠠᠨ ᠴᠢᠨᠠᠷᠲᠠᠢ ᠪᠠ ᠰᠠᠶᠢᠵᠢᠷᠠᠭᠤᠯᠬᠤ ᠴᠢᠨᠠᠷᠲᠠᠢ ᠣᠷᠣᠨ ᠰᠠᠭᠤᠴᠠ ᠶᠢᠨ ᠱᠠᠭᠠᠷᠳᠠᠯᠭ᠎ᠠ ᠶᠢ ᠳᠡᠮᠵᠢᠬᠦ ᠲᠤᠬᠠᠢ ᠵᠢᠯᠤᠭᠤᠳᠬᠤ ᠰᠠᠨᠠᠯ︾ ᠢ ᠲᠤᠭᠤᠰᠢᠯᠠᠭᠤᠯᠵᠤ᠂ ︽ᠬᠤᠪᠢ ᠬᠥᠮᠥᠨ ᠤ ᠣᠷᠣᠨ ᠰᠠᠭᠤᠴᠠ ᠶᠢᠨ ᠵᠢᠭᠡᠯᠡᠯᠭᠡ ᠳᠠᠬᠢ ᠣᠷᠣᠨ ᠰᠠᠭᠤᠴᠠ ᠶᠢᠨ ᠲᠤᠭ᠎ᠠ ᠶᠢ ᠮᠠᠭᠠᠳᠯᠠᠨ ᠲᠣᠭᠲᠠᠭᠠᠬᠤ ᠪᠠᠷᠢᠮᠵᠢᠶ᠎ᠠ ᠶᠢ ᠰᠢᠯᠢᠳᠡᠭᠵᠢᠭᠦᠯᠬᠦ ᠲᠤᠬᠠᠢ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ︾ ︵ᠬᠥᠬᠡᠬᠤᠲᠠ  ᠵᠠᠰᠠᠭ ᠠᠯᠪᠠᠨ ᠲᠠᠷᠬᠠᠭᠠᠭᠰᠠᠨ ﹇2023﹈ 57 ᠳ᠋ᠤᠭᠠᠷ ᠲᠣᠭᠠᠲᠤ︶ ᠢ ᠳᠠᠷᠤᠮᠠᠯᠯᠠᠨ ᠲᠠᠷᠬᠠᠭᠠᠵᠤ᠂ ᠠᠩᠬᠠᠨ ᠤ ᠭᠡᠷ ᠬᠤᠳᠠᠯᠳᠤᠨ ᠠᠪᠬᠤ ᠵᠢᠭᠡᠯᠡᠭᠡ ᠶᠢᠨ ︽ᠭᠡᠷ ᠢ ᠮᠡᠳᠡᠷᠡᠬᠦ ᠠᠴᠠ ᠪᠢᠰᠢ ᠵᠢᠭᠡᠯᠡᠯᠭᠡ ᠶᠢ ᠮᠡᠳᠡᠷᠡᠬᠦ ᠦᠭᠡᠢ︾ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠪᠠ᠃      ᠲᠥᠷᠥ ᠶᠢᠨ ᠪᠣᠳᠣᠯᠭ᠎ᠠ  ᠶᠢ ᠬᠡᠷᠡᠭᠵᠢᠭᠦᠯᠦᠭᠰᠡᠨ ᠤ ᠳᠠᠷᠠᠭ᠎ᠠ᠂ ᠰᠠᠭᠤᠭᠠᠯᠢ ᠠᠷᠠᠳ ᠤᠨ ᠭᠡᠷ ᠪᠦᠯᠢ ︵ᠵᠣᠭᠤᠰ ᠵᠢᠭᠡᠯᠡᠭᠴᠢ᠂ ᠬᠠᠨᠢ ᠨᠥᠬᠦᠷ ᠨᠢ ᠵᠢᠴᠢ ᠨᠠᠰᠤᠨ ᠳᠤ ᠬᠦᠷᠦᠭᠡᠳᠦᠶ ᠦᠷ᠎ᠡ ᠬᠡᠦᠬᠡᠳ ᠪᠠᠭᠲᠠᠨ᠎ᠠ᠂ ᠳᠣᠷᠣᠭᠰᠢ ᠠᠳᠠᠯᠢ︶ ᠲᠠᠸᠠᠷ ᠤᠨ ᠣᠷᠣᠨ ᠰᠠᠭᠤᠴᠠ ᠬᠤᠳᠠᠯᠳᠤᠨ ᠠᠪᠬᠤ ᠵᠢᠭᠡᠯᠡᠯᠭᠡ ᠭᠤᠶᠤᠴᠢᠯᠠᠬᠤ ᠦᠶ᠎ᠡ ᠳᠤ᠂ ᠲᠦᠮᠡᠳ ᠵᠡᠭᠦᠨ ᠬᠤᠰᠢᠭᠤ᠂ ᠲᠣᠭᠲᠠᠬᠤ ᠰᠢᠶᠠᠨ᠂ ᠬᠤᠷᠢᠨᠭᠡᠷ ᠰᠢᠶᠠᠨ᠂ ᠴᠢᠩ ᠱᠦᠢ ᠾᠧ ᠰᠢᠶᠠᠨ᠂ ᠦᠴᠦᠸᠠᠨ ᠰᠢᠶᠠᠨ᠂ ᠬᠤᠲᠠ ᠶᠢᠨ ᠳᠥᠷᠪᠡᠨ ᠲᠣᠭᠤᠷᠢᠭ ᠢ ᠲᠤᠰᠠᠭᠠᠷ ᠭᠡᠷ ᠢ ᠮᠡᠳᠡᠷᠡᠬᠦ ᠵᠢᠷᠭᠤᠭᠠᠨ ᠨᠢᠭᠡᠴᠢ ᠪᠣᠯᠭᠠᠵᠤ᠂ ᠭᠡᠷ ᠪᠦᠯᠢ ᠶᠢᠨ ᠪᠦᠷᠢᠯᠳᠦᠭᠦᠨ ᠨᠢ ᠭᠡᠷ ᠢ ᠮᠡᠳᠡᠷᠡᠬᠦ ᠨᠢᠭᠡᠴᠢ ᠳᠣᠲᠣᠷ᠎ᠠ ᠨᠡᠷ᠎ᠡ ᠳᠡᠭᠡᠷ᠎ᠡ ᠪᠠᠨ ᠢᠵᠢ ᠪᠦᠷᠢᠨ ᠣᠷᠣᠨ ᠰᠠᠭᠤᠴᠠ ᠦᠭᠡᠢ ᠪᠣᠯ᠂ ᠵᠢᠭᠡᠯᠡᠯᠭᠡ ᠶᠢ ᠠᠰᠢᠭᠯᠠᠨ ᠣᠷᠣᠨ ᠰᠠᠭᠤᠴᠠ ᠬᠤᠳᠠᠯᠳᠤᠨ ᠠᠪᠤᠭᠰᠠᠨ ᠡᠰᠡᠬᠦ ᠶᠢ ᠬᠠᠮᠢᠶᠠᠷᠤᠯ ᠦᠭᠡᠢ ᠪᠠᠷ ᠪᠠᠩᠬᠢ ᠶᠢᠨ ᠦᠢᠯᠡᠰ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠠᠴᠠ ᠴᠥᠮ ᠠᠩᠬᠠᠨ ᠤ ᠭᠡᠷ ᠤᠨ ᠶᠣᠰᠣᠭᠠᠷ ᠢᠲᠡᠭᠡᠮᠵᠢᠲᠦ ᠵᠢᠭᠡᠯᠡᠯᠭᠡ ᠶᠢᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠨ᠎ᠡ᠃ ᠭᠡᠷ ᠪᠦᠯᠢ ᠶᠢᠨ ᠪᠦᠷᠢᠯᠳᠦᠭᠦᠨ ᠤ ᠣᠷᠣᠨ ᠰᠠᠭᠤᠴᠠ ᠶᠢᠨ ᠪᠠᠶᠢᠳᠠᠯ ᠤᠨ ᠬᠠᠮᠢᠶ᠎ᠠ ᠪᠦᠬᠦᠢ ᠮᠡᠳᠡᠭᠡ ᠵᠠᠩᠭᠢ ᠶᠢ ᠬᠠᠷᠢᠶ᠎ᠠ ᠭᠠᠵᠠᠷ ᠤᠨ ᠥᠯᠥ ᠬᠥᠳᠡᠯᠬᠦ ᠬᠥᠷᠥᠩᠭᠡ ᠶᠢ ᠳᠠᠩᠰᠠᠯᠠᠬᠤ ᠰᠠᠯᠠᠭ᠎ᠠ ᠮᠥᠴᠢᠷ ᠠᠴᠠ ᠰᠠᠭᠤᠭᠠᠯᠢ ᠠᠷᠠᠳ ᠤᠨ ᠭᠡᠷ ᠪᠦᠯᠢ ᠶᠢᠨ ᠭᠤᠶᠤᠴᠢᠯᠠᠯ ᠢ ᠦᠨᠳᠦᠰᠦᠯᠡᠨ᠂ ᠪᠠᠶᠢᠴᠠᠭᠠᠨ ᠯᠠᠪᠯᠠᠬᠤ ᠦᠢᠯᠡᠴᠢᠯᠡᠭᠡ ᠬᠠᠩᠭᠠᠬᠤ ᠶᠢᠨ ᠬᠠᠮᠲᠤ ᠪᠠᠶᠢᠴᠠᠭᠠᠨ ᠯᠠᠪᠯᠠᠭᠰᠠᠨ ᠲᠡᠮᠳᠡᠭᠯᠡᠯ ᠬᠢᠵᠦ ᠥᠭᠭᠦᠨ᠎ᠡ᠃ ᠡᠭᠦᠨ ᠤ ᠬᠠᠮᠲᠤ 1 ᠣᠷᠣᠨ ᠰᠠᠭᠤᠴᠠ ᠲᠠᠢ ᠪᠥᠭᠡᠳ ᠬᠠᠷᠠᠭᠠᠯᠵᠠᠭᠰᠠᠨ ᠭᠡᠷ ᠪᠠᠶᠢᠰᠢᠩ ᠬᠤᠳᠠᠯᠳᠤᠨ ᠠᠪᠬᠤ ᠵᠢᠭᠡᠯᠡᠯᠭᠡ ᠪᠠᠨ ᠨᠢᠭᠡᠨᠲᠡ ᠲᠥᠯᠥᠵᠦ ᠳᠠᠭᠤᠰᠬᠠᠭᠰᠠᠨ ᠭᠡᠷ ᠪᠦᠯᠢ ᠂ ᠣᠷᠣᠨ ᠰᠠᠭᠤᠴᠠ ᠶᠢᠨ ᠨᠥᠬᠦᠴᠡᠯ ᠢᠶᠠᠨ ᠰᠠᠶᠢᠵᠢᠷᠠᠭᠤᠯᠬᠤ ᠶᠢᠨ ᠲᠥᠯᠥᠭᠡ ᠳᠠᠬᠢᠨᠲᠠ ᠵᠢᠭᠡᠯᠡᠯᠭᠡ ᠭᠤᠶᠤᠴᠢᠯᠠᠵᠤ ᠲᠠᠸᠠᠷ ᠤᠨ ᠣᠷᠣᠨ ᠰᠠᠭᠤᠴᠠ ᠬᠤᠳᠠᠯᠳᠤᠨ ᠠᠪᠬᠤ ᠳᠤ᠂ ᠪᠠᠩᠬᠢ ᠶᠢᠨ ᠦᠢᠯᠡᠰ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠠᠴᠠ ᠠᠩᠬᠠᠨ ᠤ ᠭᠡᠷ ᠤᠨ ᠵᠢᠭᠡᠯᠡᠯᠭᠡ ᠶᠢᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠨ᠎ᠡ᠃      ᠡᠨᠡ ᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠨᠢ ᠨᠠᠩ ᠣᠯᠠᠨ ᠭᠡᠷ ᠪᠠᠶᠢᠰᠢᠩ ᠬᠤᠳᠠᠯᠳᠤᠨ ᠠᠪᠬᠤ ᠬᠥᠮᠥᠨ ᠳᠤ ᠠᠩᠬᠠᠨ ᠤ ᠭᠡᠷ  ᠤᠨ ᠵᠢᠭᠡᠯᠡᠯᠭᠡ ᠶᠢᠨ ᠠᠩᠬ᠎ᠠ ᠲᠥᠯᠥᠬᠦ ᠬᠠᠷᠢᠴᠠᠯ ᠪᠠ ᠬᠦᠦ ᠮᠥᠩᠭᠦ ᠶᠢᠨ ᠨᠣᠷᠮ᠎ᠠ ᠶᠢᠨ ᠬᠠᠷᠠᠭᠠᠯᠵᠠᠯ ᠢ ᠡᠳ᠋ᠯᠡᠭᠦᠯᠵᠦ᠂ ᠭᠡᠷ ᠪᠠᠶᠢᠰᠢᠩ ᠬᠤᠳᠠᠯᠳᠤᠨ ᠠᠪᠬᠤ ᠥᠪᠡᠷ ᠤᠨ ᠥᠷᠲᠡᠭ ᠢ ᠪᠠᠭᠤᠷᠠᠭᠤᠯᠵᠤ᠂ ᠣᠷᠣᠨ ᠰᠠᠭᠤᠴᠠ ᠶᠢᠨ ᠬᠠᠳᠠᠨ ᠴᠢᠨᠠᠷ ᠪᠠ ᠰᠠᠶᠢᠵᠢᠷᠠᠯᠲᠠ ᠶᠢᠨ ᠬᠡᠯᠪᠡᠷᠢ ᠶᠢᠨ ᠱᠠᠭᠠᠷᠳᠠᠯᠭ᠎ᠠ ᠶᠢ ᠨᠠᠩ ᠰᠠᠶᠢᠨ ᠬᠠᠩᠭᠠᠬᠤ ᠳᠤ ᠠᠰᠢᠭᠲᠠᠢ ᠪᠣᠯᠵᠠᠢ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ