ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠤᠨ ᠵᠠᠯᠠᠭᠤᠴᠤᠳ ᠪᠠᠭᠠᠴᠤᠳ ᠤᠨ ᠬᠥᠮᠦᠵᠢᠯ ᠦᠢᠯᠡᠳᠦᠯᠭᠡ ᠶᠢᠨ ᠰᠠᠭᠤᠷᠢᠨ ᠵᠢᠩᠬᠢᠨᠢ ᠪᠠᠷ ᠪᠠᠶᠢᠭᠤᠯᠤᠭᠳᠠᠪᠠ
ᠨᠡᠶᠢᠲᠡᠯᠡᠭᠰᠡᠨ ᠴᠠᠭ᠄
2024/1/2
      ︵ᠰᠤᠷᠪᠤᠯᠵᠢᠯᠠᠭᠴᠢ ᠦ᠋ ᠽᠢ ᠰᠢᠤᠸᠠᠨ ᠴᠢᠮᠡᠭᠡᠯᠡᠭᠴᠢ ᠪᠠᠢ ᠯᠢᠶᠠᠩ ᠫᠧᠩ ᠰᠢᠶᠣᠣ ᠮᠢᠩ︶ ᠲᠦᠷᠦᠭᠦᠬᠡᠨ᠂ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠤᠨ ᠵᠠᠯᠠᠭᠤᠴᠤᠳ ᠪᠠᠭᠠᠴᠤᠳ ᠤᠨ ᠬᠥᠮᠦᠵᠢᠯ ᠦᠢᠯᠡᠳᠦᠯᠭᠡ ᠶᠢᠨ ᠰᠠᠭᠤᠷᠢᠨ ᠭᠠᠵᠠᠷ ᠵᠢᠩᠬᠢᠨᠢ ᠪᠠᠷ ᠫᠠᠶᠢᠰᠠ ᠰᠡᠬᠦᠪᠡ᠃ ᠲᠤᠰ ᠰᠠᠭᠤᠷᠢᠨ ᠭᠠᠵᠠᠷ ᠨᠢ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠣᠷᠳᠣᠨ ᠲᠠᠢ ᠬᠥᠷᠰᠢᠯᠡᠵᠦ᠂ ᠳᠣᠲᠣᠷ᠎ᠠ ᠪᠠᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠵᠠᠯᠠᠭᠤᠴᠤᠳ ᠪᠠᠭᠠᠴᠤᠳ ᠤᠨ ᠬᠥᠮᠥᠵᠢᠭᠦᠯᠬᠦ ᠲᠠᠪᠴᠠᠩ᠂ ᠵᠠᠯᠠᠭᠤᠴᠤᠳ ᠪᠠᠭᠠᠴᠤᠳ ᠤᠨ ᠪᠡᠶᠡᠴᠢᠯᠡᠨ ᠣᠶᠢᠯᠠᠭᠠᠬᠤ ᠣᠷᠳᠣᠨ᠂ ᠵᠠᠯᠠᠭᠤᠴᠤᠳ ᠪᠠᠭᠠᠴᠤᠳ ᠤᠨ ᠰᠤᠳᠤᠯᠭᠠᠨ ᠤ ᠰᠠᠭᠤᠷᠢᠨ᠂ ᠰᠤᠷᠭᠠᠨ ᠬᠥᠮᠦᠵᠢᠯ ᠢ ᠳᠡᠮᠵᠢᠬᠦ ᠪᠦᠯᠬᠦᠮ ᠪᠣᠯᠣᠨ ᠬᠥᠬᠡᠬᠤᠲᠠ ᠶᠢᠨ ᠵᠠᠯᠠᠭᠤᠴᠤᠳ ᠪᠠᠭᠠᠴᠤᠳ ᠤᠨ ᠠᠭᠠᠷ ᠤᠨ ᠠᠶᠠᠯᠠᠯ ᠰᠠᠨᠰᠠᠷ ᠤᠨ ᠠᠶᠠᠯᠠᠯ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠪᠣᠯᠪᠠᠰᠤᠷᠠᠯ ᠤᠨ ᠰᠠᠭᠤᠷᠢᠨ ︵ᠲᠠᠪᠴᠠᠩ︶᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠦᠨ ᠳᠡᠯᠭᠡᠷᠡᠭᠦᠯᠬᠦ ᠲᠣᠮᠣ ᠲᠠᠪᠴᠠᠩ ᠵᠡᠷᠭᠡ ᠵᠢᠷᠭᠤᠭᠠᠨ ᠴᠢᠳᠠᠮᠵᠢᠲᠤ ᠦᠵᠡᠭᠦᠯᠦᠯᠭᠡ ᠶᠢᠨ ᠲᠣᠭᠤᠷᠢᠭ ᠢ ᠪᠠᠶᠢᠭᠤᠯᠵᠤ᠂ ᠮᠠᠨ ᠤ ᠣᠷᠣᠨ ᠤ ᠵᠠᠯᠠᠭᠤᠴᠤᠳ ᠪᠠᠭᠠᠴᠤᠳ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠬᠥᠮᠦᠵᠢᠯ ᠤᠨ ᠦᠢᠯᠡᠳᠦᠯᠭᠡ ᠶᠢᠨ ᠬᠦᠷᠢᠶᠡᠨ ᠤ ᠬᠤᠭᠤᠰᠤᠨ ᠢ ᠨᠥᠬᠦᠪᠦᠷᠢᠯᠡᠵᠡᠢ᠃      ᠲᠤᠰ ᠰᠠᠭᠤᠷᠢᠨ ᠭᠠᠵᠠᠷ ᠤᠨ ᠬᠢᠨ ᠲᠣᠭᠲᠠᠭᠰᠠᠨ ᠬᠤᠭᠤᠴᠠᠭ᠎ᠠ ᠲᠠᠢ ᠪᠠᠷ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢ ᠤᠶᠠᠯᠳᠤᠭᠤᠯᠬᠤ ᠬᠡᠯᠪᠡᠷᠢ ᠪᠠᠷ ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠬᠥᠮᠦᠵᠢᠯ ᠤᠨ ᠠᠵᠢᠯᠯᠠᠭ᠎ᠠ ᠶᠢ ᠥᠷᠨᠢᠭᠦᠯᠬᠦ ᠪᠠᠷ ᠳᠠᠮᠵᠢᠭᠤᠯᠤᠨ᠂ ᠮᠥᠨ ᠲᠠᠪᠴᠠᠩ ᠢᠶᠠᠷ ᠳᠠᠮᠵᠢᠭᠤᠯᠤᠨ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠲᠤᠰᠬᠠᠢ ᠮᠡᠷᠭᠡᠵᠢᠯ ᠤᠨ ᠴᠢᠳᠠᠪᠤᠷᠢᠲᠠᠨ᠂ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠰᠠᠶᠢᠨ ᠳᠤᠷ᠎ᠠ ᠶᠢᠨ ᠦᠢᠯᠡᠴᠢᠯᠡᠭᠴᠢ᠂ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠤᠬᠠᠭᠤᠯᠤᠭᠴᠢ᠂ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠣᠨᠴᠠ ᠲᠣᠮᠢᠯᠠᠭᠳᠠᠭᠴᠢ ᠶᠢ ᠴᠢᠷᠮᠠᠶᠢᠨ ᠬᠥᠮᠥᠵᠢᠭᠦᠯᠵᠦ᠂ ᠲᠡᠳᠡᠨ ᠤ ᠲᠤᠰᠬᠠᠢ ᠮᠡᠷᠭᠡᠵᠢᠯ ᠤᠨ ᠮᠡᠳᠡᠯᠭᠡ ᠪᠠ ᠮᠡᠷᠭᠡᠵᠢᠯ ᠤᠨ ᠬᠢᠷᠢ ᠲᠦᠪᠰᠢᠨ ᠢ ᠴᠢᠷᠮᠠᠶᠢᠨ ᠳᠡᠭᠡᠭᠰᠢᠯᠡᠭᠦᠯᠵᠦ᠂ ᠵᠢᠯ ᠪᠦᠷᠢ 8000 ᠬᠥᠮᠥᠨ ᠤᠳᠠᠭ᠎ᠠ ᠪᠣᠯᠪᠠᠰᠤᠷᠠᠭᠤᠯᠬᠤ ᠪᠠᠷ ᠵᠢᠱᠢᠵᠦ ᠪᠠᠶᠢᠨ᠎ᠠ᠃ ᠲᠣᠰ ᠰᠠᠭᠤᠷᠢᠨ ᠭᠠᠵᠠᠷ ᠤᠨ ᠬᠠᠷᠢᠭᠤᠴᠠᠯᠭᠠᠲᠠᠨ ᠯᠠᠩ ᠵᠢᠶᠠᠨ ᠤ ᠲᠠᠨᠢᠯᠴᠠᠭᠤᠯᠤᠭᠰᠠᠨ ᠢᠶᠠᠷ᠂ ᠲᠣᠰ ᠰᠠᠭᠤᠷᠢᠨ ᠭᠠᠵᠠᠷ ᠤᠨ ᠬᠢᠨ ᠪᠠᠰᠠ ᠬᠥᠬᠡᠬᠤᠲᠠ ᠶᠢᠨ ︽ᠠᠷᠪᠠᠨ ᠲᠦᠮᠡᠨ ᠣᠶᠤᠲᠠᠨ ᠢ ᠬᠥᠬᠡᠬᠤᠲᠠ ᠳᠤ ᠦᠯᠡᠳᠡᠭᠡᠬᠦ ᠢᠨᠵᠧᠨᠧᠷᠢᠩ︾ ᠲᠠᠢ ᠬᠠᠮᠵᠢᠯᠴᠠᠨ ᠬᠥᠮᠦᠵᠢᠯ ᠪᠣᠯᠪᠠᠰᠤᠷᠠᠭᠤᠯᠤᠯ ᠤᠨ ᠠᠵᠢᠯ ᠥᠷᠨᠢᠭᠦᠯᠵᠦ᠂ ᠣᠳᠣᠬᠠᠨ ᠳᠤ 3 ᠲᠦᠮᠡᠨ ᠣᠶᠤᠲᠠᠨ ᠳᠤ ᠠᠵᠢᠯ ᠣᠯᠬᠤ ᠪᠠ ᠠᠳᠠᠯ ᠦᠢᠯᠡᠰ ᠴᠣᠭᠴᠠᠯᠠᠬᠤ ᠠᠵᠢᠯ ᠤᠨ ᠪᠠᠶᠢᠷᠢ ᠳᠤ ᠭᠠᠷᠬᠤ ᠠᠴᠠ ᠡᠮᠦᠨᠡᠬᠢ ᠮᠡᠳᠡᠯᠭᠡ ᠶᠢᠨ ᠬᠥᠮᠦᠵᠢᠯ ᠪᠣᠯᠪᠠᠰᠤᠷᠠᠭᠤᠯᠤᠯ ᠢ ᠨᠢᠭᠡᠨᠲᠡ ᠥᠷᠨᠢᠭᠦᠯᠵᠦ ᠡᠬᠢᠯᠡᠭᠰᠡᠨ ᠪᠠᠶᠢᠨ᠎ᠠ᠃      ᠲᠠᠷᠠᠭᠠᠴᠢ ᠶᠢᠨ ᠠᠯᠬᠤᠮ ᠳᠤ᠂ ᠬᠤᠳᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠤᠨ ᠬᠢᠨ ᠪᠠᠰᠠ ᠲᠤᠰ ᠰᠠᠭᠤᠷᠢᠨ ᠳᠤ ᠲᠦᠰᠢᠭᠯᠡᠨ ︽ᠦᠨᠳᠦᠰᠦᠲᠡᠨ ᠤ ᠪᠦᠯᠬᠦᠮᠳᠡᠯ + ᠬᠤᠪᠢᠰᠬᠠᠯ ᠤᠨ ᠬᠥᠮᠦᠵᠢᠯ︾᠂ ︽ᠦᠨᠳᠦᠰᠦᠲᠡᠨ ᠤ ᠪᠦᠯᠬᠦᠮᠳᠡᠯ + ᠪᠣᠯᠪᠠᠰᠤᠨ ᠢ ᠡᠭᠦᠳᠦᠨ ᠪᠠᠶᠢᠭᠤᠯᠬᠤ︾᠂ ︽ᠦᠨᠳᠦᠰᠦᠲᠡᠨ ᠤ ᠪᠦᠯᠬᠦᠮᠳᠡᠯ + ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠬᠥᠮᠦᠵᠢᠯ︾᠂ ︽ᠦᠨᠳᠦᠰᠦᠲᠡᠨ ᠤ ᠪᠦᠯᠬᠦᠮᠳᠡᠯ + ᠰᠣᠶᠣᠯ ᠢ ᠤᠯᠠᠮᠵᠢᠯᠠᠬᠤ︾ ᠲᠦᠷᠪᠡᠨ ᠦᠯᠢᠭᠡᠷ ᠢ ᠰᠠᠶᠢᠲᠤᠷ ᠶᠠᠷᠢᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠤᠨ ᠰᠡᠳᠬᠢᠯ ᠳᠤ ᠦᠨᠳᠦᠰᠦᠯᠡᠭᠦᠯᠵᠦ᠂ ᠵᠠᠯᠠᠭᠤᠴᠤᠳ ᠪᠠᠭᠠᠴᠤᠳ ᠤᠨ ᠬᠥᠭᠵᠢᠯᠲᠡ ᠳᠤ ᠨᠡᠩ ᠨᠡᠶᠢᠴᠡᠭᠰᠡᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠰᠠᠭᠤᠷᠢᠨ ᠢ ᠪᠠᠶᠢᠭᠤᠯᠤᠨ᠎ᠠ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ