ᠨᠢᠳᠤᠨᠤᠨ ᠮᠠᠨ ᠤ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 23.6% ᠨᠡᠮᠡᠭᠳᠡᠪᠡ
ᠨᠡᠶᠢᠲᠡᠯᠡᠭᠰᠡᠨ ᠴᠠᠭ᠄
2024/1/22
      ︵ᠰᠤᠷᠪᠤᠯᠵᠢᠯᠠᠭᠴᠢ ᠶᠦᠨ ᠶᠠᠨ ᠹᠠᠩ︶ ᠣᠶᠢᠷ᠎ᠠ ᠳᠤ ᠬᠤᠳᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ 2023 ᠣᠨ ᠳᠤ᠂ ᠮᠠᠨ ᠤ ᠬᠤᠳᠠ ᠶᠢᠨ ᠠᠵᠤ ᠦᠢᠯᠡᠳᠪᠦᠷᠢ ᠶᠢᠨ ᠠᠵᠤ ᠠᠬᠤᠢ ᠶᠢᠨ ᠬᠥᠭᠵᠢᠯᠲᠡ ᠶᠢᠨ ᠪᠠᠶᠢᠳᠠᠯ ᠦᠷᠭᠦᠯᠵᠢᠯᠡᠨ ᠰᠠᠶᠢᠵᠢᠷᠠᠵᠤ᠂ ᠡᠷᠴᠢᠮᠲᠡᠢ ᠨᠡᠮᠡᠭᠳᠡᠯ ᠤᠨ ᠬᠠᠨᠳᠤᠰᠢ ᠪᠠᠨ ᠪᠠᠲᠤᠯᠠᠪᠠ᠃ ᠪᠥᠬᠦ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 23.6% ᠨᠡᠮᠡᠭᠳᠡᠵᠦ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ ᠠᠴᠠ 16.2 ᠵᠠᠭᠤᠨ ᠤ ᠨᠢᠭᠡᠴᠢ ᠥᠨᠳᠥᠷ ᠪᠣᠯᠵᠤ᠂ ᠪᠥᠬᠦ ᠤᠯᠤᠰ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ ᠠᠴᠠ 19.0 ᠵᠠᠭᠤᠨ ᠤ ᠨᠢᠭᠡᠴᠢ ᠥᠨᠳᠥᠷ ᠪᠣᠯᠵᠠᠢ᠃      ᠭᠤᠷᠪᠠᠨ ᠶᠡᠭᠡ ᠲᠥᠷᠥᠯ ᠬᠠᠮᠵᠢᠯᠴᠠᠨ ᠬᠦᠴᠦᠯᠡᠵᠦ᠂ ᠦᠢᠯᠡᠳᠬᠦ ᠦᠢᠯᠡᠰ ᠲᠤ ᠬᠦᠴᠦᠲᠡᠢ ᠲᠤᠯᠭᠠᠭᠤᠷᠢᠯᠠᠯ ᠬᠠᠩᠭᠠᠪᠠ      2023 ᠣᠨ ᠳᠤ᠂ ᠠᠭᠤᠷᠬᠠᠢ ᠮᠠᠯᠲᠠᠬᠤ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 34.4% ᠨᠡᠮᠡᠭᠳᠡᠵᠦ᠂ ᠴᠠᠬᠢᠯᠭᠠᠨ ᠬᠦᠴᠦ᠂ ᠢᠯᠴᠢ ᠶᠢᠨ ᠬᠦᠴᠦ᠂ ᠰᠢᠲᠠᠮᠠᠬᠠᠢ ᠬᠡᠢ ᠵᠢᠴᠢ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 39.6% ᠨᠡᠮᠡᠭᠳᠡᠵᠦ᠂ ᠲᠣᠰ ᠲᠣᠰ ᠪᠥᠬᠦ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ ᠠᠴᠠ 10.8 ᠵᠠᠭᠤᠨ ᠤ ᠨᠢᠭᠡᠴᠢ ᠪᠠ 16.0 ᠵᠠᠭᠤᠨ ᠤ ᠨᠢᠭᠡᠴᠢ ᠥᠨᠳᠥᠷ ᠪᠣᠯᠵᠤ᠂ ᠲᠣᠰ ᠲᠣᠰ ᠪᠥᠬᠦ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠨᠡᠮᠡᠭᠳᠡᠯ ᠢ 0.8 ᠪᠠ 7.0 ᠵᠠᠭᠤᠨ ᠤ ᠨᠢᠭᠡᠴᠢ ᠳᠠᠶᠢᠴᠢᠯᠠᠪᠠ᠃ ᠦᠢᠯᠡᠳᠬᠦ ᠦᠢᠯᠡᠰ ᠤᠨ ᠨᠡᠮᠡᠭᠳᠡᠯ ᠥᠷᠲᠡᠭ ᠪᠥᠬᠦ ᠬᠤᠲᠠ ᠶᠢᠨ ᠨᠠᠢᠮᠠᠨ ᠬᠤᠪᠢ ᠶᠢ ᠡᠵᠡᠯᠡᠵᠦ᠂ ᠠᠳᠠᠯᠢ ᠬᠤᠭᠤᠴᠠᠭᠠᠨ ᠤ ᠬᠢ ᠠᠴᠠ 19.8% ᠪᠠᠷ ᠨᠡᠮᠡᠭᠳᠡᠨ᠂ ᠪᠥᠬᠦ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠨᠡᠮᠡᠭᠳᠡᠯ ᠢ 15.8 ᠵᠠᠭᠤᠨ ᠤ ᠨᠢᠭᠡᠴᠢ ᠳᠠᠶᠢᠴᠢᠯᠠᠨ᠂ ᠪᠥᠬᠦ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠳᠤ ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ 66.8% ᠬᠥᠷᠪᠡ᠃ ᠦᠢᠯᠡᠳᠬᠦ ᠦᠢᠯᠡᠰ ᠤᠨ ᠪᠥᠬᠦ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠢ ᠶᠢᠨ ᠲᠦᠷᠭᠡᠨ ᠨᠡᠮᠡᠭᠳᠡᠯ ᠢ ᠳᠠᠶᠢᠴᠢᠯᠠᠬᠤ ᠦᠢᠯᠡᠳᠦᠯ ᠨᠠᠩ ᠲᠣᠪᠣᠶᠢᠮ᠎ᠠ ᠪᠣᠯᠪᠠ᠃      ᠠᠵᠢᠯ ᠲᠥᠷᠥᠯ ᠤᠨ ᠨᠡᠮᠡᠭᠳᠡᠯ ᠤᠨ ᠬᠡᠪᠴᠢᠶ᠎ᠡ ᠲᠤᠯᠤᠭᠠᠨ ᠬᠤᠪᠢ ᠶᠢ ᠳᠠᠪᠠᠵᠤ᠂ ᠭᠤᠣᠯᠳᠠᠯᠭ᠎ᠠ ᠲᠠᠢ ᠠᠵᠢᠯ ᠲᠥᠷᠥᠯ ᠤᠨ ᠳᠠᠶᠢᠴᠢᠯᠠᠯᠲᠠ ᠢᠯᠡᠳᠲᠡ ᠪᠣᠯᠪᠠ      2023 ᠣᠨ ᠳᠤ᠂ ᠪᠦᠷᠢᠳᠬᠡᠯ ᠳᠤ ᠪᠠᠶᠢᠭ᠎ᠠ 28 ᠠᠵᠤ ᠦᠢᠯᠡᠳᠪᠦᠷᠢ ᠶᠢᠨ ᠶᠡᠭᠡ ᠲᠦᠷᠦᠯ ᠤᠨ ᠠᠵᠢᠯ ᠲᠦᠷᠦᠯ ᠤᠨ ᠳᠣᠲᠣᠷᠠᠬᠢ 20 ᠠᠵᠢᠯ ᠲᠦᠷᠦᠯ ᠤᠨ ᠨᠡᠮᠡᠭᠳᠡᠯ ᠦᠷᠳᠡᠭ ᠨᠢ ᠠᠳᠠᠯᠢ ᠬᠤᠭᠤᠴᠠᠭᠠᠨ ᠤ ᠬᠢ ᠠᠴᠠ ᠡᠶᠡᠷᠭᠦ ᠨᠡᠮᠡᠭᠳᠡᠯ ᠢ ᠪᠡᠶᠡᠯᠡᠭᠦᠯᠵᠦ᠂ ᠠᠵᠢᠯ ᠲᠦᠷᠦᠯ ᠤᠨ ᠨᠡᠮᠡᠭᠳᠡᠯ ᠤᠨ ᠬᠡᠪᠴᠢᠶ᠎ᠡ ᠨᠢ ᠲᠤᠯᠤᠭᠠᠨ ᠬᠤᠪᠢ ᠶᠢ ᠳᠠᠪᠠᠭᠰᠠᠨ ᠪᠠᠶᠢᠨ᠎ᠠ᠃ ᠡᠭᠦᠨ ᠳᠤ᠂ ᠢᠳᠡᠭᠡᠨ ᠡᠳ᠋ᠰᠢᠭᠦᠯᠬᠦ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ       29.9% ᠨᠡᠮᠡᠭᠳᠡᠵᠦ᠂ ᠴᠢᠯᠠᠭᠤᠨ ᠲᠣᠰᠣ᠂ ᠨᠡᠭᠦᠷᠡᠰᠦ ᠵᠢᠴᠢ ᠪᠤᠰᠤᠳ ᠲᠦᠯᠡᠰᠢ ᠪᠣᠯᠪᠠᠰᠤᠷᠠᠭᠤᠯᠬᠤ ᠦᠢᠯᠡᠰ ᠠᠳᠠᠯᠢ ᠬᠤᠭᠤᠴᠠᠭᠠᠨ ᠤ ᠬᠢ ᠠᠴᠠ       49.4% ᠨᠡᠮᠡᠭᠳᠡᠵᠦ᠂ ᠴᠠᠬᠢᠯᠭᠠᠨ ᠬᠦᠴᠦ᠂ ᠢᠯᠴᠢ ᠶᠢᠨ ᠬᠦᠴᠦᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠠᠳᠠᠯᠢ ᠬᠤᠭᠤᠴᠠᠭᠠᠨ ᠤ ᠬᠢ ᠠᠴᠠ     25.4% ᠨᠡᠮᠡᠭᠳᠡᠵᠦ᠂ ᠲᠣᠰ ᠲᠣᠰ ᠪᠥᠬᠦ ᠣᠷᠣᠨ ᠤ ᠢᠳᠡᠭᠡᠨ᠂ ᠴᠢᠯᠠᠭᠤᠨ ᠲᠣᠰᠣ᠂ ᠴᠠᠬᠢᠯᠭᠠᠨ ᠬᠦᠴᠦᠨ ᠤ ᠠᠵᠢᠯ ᠲᠥᠷᠥᠯ ᠤᠨ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ ᠠᠴᠠ 11.6 ᠵᠠᠭᠤᠨ ᠤ ᠨᠢᠭᠡᠴᠢ᠂ 34.1 ᠵᠠᠭᠤᠨ ᠤ ᠨᠢᠭᠡᠴᠢ ᠪᠠ 9.9 ᠵᠠᠭᠤᠨ ᠤ ᠨᠢᠭᠡᠴᠢ ᠥᠨᠳᠥᠷ ᠪᠣᠯᠵᠤ᠂ ᠪᠥᠬᠦ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠲᠤ ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ ᠨᠡᠶᠢᠲᠡ       78.2% ᠬᠦᠷᠴᠡᠢ᠃ ᠭᠤᠷᠪᠠᠨ ᠶᠡᠭᠡ ᠭᠤᠣᠯᠳᠠᠯᠭ᠎ᠠ ᠲᠠᠢ ᠠᠵᠢᠯ ᠲᠥᠷᠥᠯ ᠪᠣᠯ ᠪᠥᠬᠦ ᠬᠤᠲᠠ ᠶᠢᠨ ᠠᠵᠤ ᠦᠢᠯᠡᠳᠪᠦᠷᠢ ᠶᠢᠨ ᠠᠵᠤ ᠠᠬᠤᠢ ᠶᠢᠨ ᠨᠡᠮᠡᠭᠳᠡᠯ ᠢ ᠳᠠᠶᠢᠴᠢᠯᠠᠬᠤ ︽ᠭᠤᠣᠯ ᠬᠥᠳᠡᠯᠭᠡᠭᠦᠷ︾ ᠮᠥᠨ᠃      ᠵᠢᠵᠢᠭ ᠪᠢᠴᠢᠯ ᠠᠵᠤ ᠠᠬᠤᠶᠢᠯᠠᠯ ᠦᠷᠭᠦᠯᠵᠢᠯᠡᠨ ᠳᠡᠭᠡᠭᠰᠢᠯᠡᠵᠦ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠨᠡᠮᠡᠭᠳᠡᠯ ᠤᠨ ᠬᠠᠨᠳᠤᠰᠢ ᠨᠡᠯᠢᠶᠡᠳ ᠰᠠᠶᠢᠨ ᠪᠠᠶᠢᠨ᠎ᠠ      2023 ᠣᠨ ᠳᠤ᠂ ᠪᠥᠬᠦ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠵᠢᠵᠢᠭ ᠪᠢᠴᠢᠯ ᠠᠵᠤ ᠠᠬᠤᠶᠢᠯᠠᠯ ᠨᠡᠶᠢᠲᠡ 250 ᠪᠠᠶᠢᠵᠤ᠂ ᠨᠡᠮᠡᠭᠳᠡᠯ ᠥᠷᠲᠡᠭ ᠨᠢ ᠠᠳᠠᠯᠢ ᠬᠤᠭᠤᠴᠠᠭᠠᠨ ᠤ ᠬᠢ ᠠᠴᠠ 30.1% ᠪᠠᠷ ᠨᠡᠮᠡᠭᠳᠡᠨ᠂ ᠪᠥᠬᠦ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠤᠨ ᠬᠤᠷᠳᠤᠴᠠ ᠠᠴᠠ 6.5 ᠵᠠᠭᠤᠨ ᠤ ᠨᠢᠭᠡᠴᠢ ᠥᠨᠳᠥᠷ ᠪᠣᠯᠵᠤ᠂ ᠪᠥᠬᠦ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠨᠡᠮᠡᠭᠳᠡᠯ ᠢ 4.7 ᠵᠠᠭᠤᠨ ᠤ ᠨᠢᠭᠡᠴᠢ ᠳᠠᠶᠢᠴᠢᠯᠠᠪᠠ︔ ᠪᠥᠬᠦ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠨᠡᠶᠢᠲᠡ 234 ᠪᠠᠶᠢᠵᠤ᠂ ᠨᠡᠮᠡᠭᠳᠡᠯ ᠥᠷᠲᠡᠭ ᠨᠢ ᠠᠳᠠᠯᠢ ᠬᠤᠭᠤᠴᠠᠭᠠᠨ ᠤ ᠬᠢ ᠠᠴᠠ       18.8% ᠪᠠᠷ ᠨᠡᠮᠡᠭᠳᠡᠨ᠂ ᠪᠥᠬᠦ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠨᠡᠮᠡᠭᠳᠡᠯ ᠢ 7.1 ᠵᠠᠭᠤᠨ ᠤ ᠨᠢᠭᠡᠴᠢ ᠳᠠᠶᠢᠴᠢᠯᠠᠪᠠ᠃ ᠵᠢᠵᠢᠭ ᠪᠢᠴᠢᠯ ᠠᠵᠤ ᠠᠬᠤᠶᠢᠯᠠᠯ ᠪᠣᠯᠣᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠪᠠᠶᠠᠷᠯᠠᠭᠤᠰᠢᠲᠠᠢ ᠨᠡᠮᠡᠭᠳᠡᠯ ᠤᠨ ᠬᠠᠨᠳᠤᠰᠢ ᠲᠠᠢ ᠪᠣᠯᠵᠤ᠂ ᠪᠦᠬᠦ ᠬᠤᠳᠠ ᠶᠢᠨ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠦᠢᠯᠡᠳᠪᠦᠷᠢᠯᠡᠯ ᠬᠥᠭᠵᠢᠯᠲᠡ ᠳᠤ ᠠᠮᠢᠵᠢᠷᠠᠯ ᠤᠨ ᠬᠦᠴᠦᠨ ᠨᠡᠮᠡᠷᠢᠯᠡᠪᠡ᠃      ᠦᠢᠯᠡᠳᠬᠦᠨ ᠤ ᠭᠠᠷᠤᠯᠲᠠ ᠶᠢᠨ ᠨᠡᠮᠡᠭᠳᠡᠯ ᠤᠨ ᠬᠡᠮᠵᠢᠶ᠎ᠡ ᠲᠤᠯᠤᠭᠠᠨ ᠬᠤᠪᠢ ᠶᠢ ᠳᠠᠪᠠᠵᠤ᠂ ᠦᠢᠯᠡᠳᠪᠦᠷᠢᠯᠡᠯ ᠪᠣᠷᠤᠯᠠᠭᠤᠯᠭ᠎ᠠ ᠶᠢᠨ ᠵᠣᠯᠭᠠᠯᠳᠤᠯ ᠤᠷᠤᠭᠰᠢᠲᠠᠢ ᠪᠣᠯᠪᠠ      2023 ᠣᠨ ᠳᠤ᠂ ᠪᠦᠬᠦ ᠬᠤᠳᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠪᠦᠷᠢᠳᠬᠡᠯ ᠳᠤ ᠪᠠᠶᠢᠭ᠎ᠠ ᠦᠢᠯᠡᠳᠬᠦᠨ ᠤ ᠳᠣᠲᠣᠷ᠎ᠠ᠂ 48 ᠵᠦᠢᠯ ᠤᠨ ᠦᠢᠯᠡᠳᠬᠦᠨ ᠤ ᠭᠠᠷᠤᠯᠲᠠ ᠠᠳᠠᠯᠢ ᠬᠤᠭᠤᠴᠠᠭᠠᠨ ᠤ ᠬᠢ ᠠᠴᠠ ᠡᠶᠡᠷᠭᠦ ᠨᠡᠮᠡᠭᠳᠡᠯ ᠢ ᠪᠡᠶᠡᠯᠡᠭᠦᠯᠵᠦ᠂ ᠠᠵᠢᠯ ᠲᠦᠷᠦᠯ ᠤᠨ ᠨᠡᠮᠡᠭᠳᠡᠯ ᠤᠨ ᠬᠡᠪᠴᠢᠶ᠎ᠠ ᠲᠤᠯᠤᠭᠠᠨ ᠬᠤᠪᠢ ᠶᠢ ᠳᠠᠪᠠᠵᠠᠢ᠃ ᠭᠤᠣᠯᠳᠠᠯᠭ᠎ᠠ ᠲᠠᠢ ᠦᠢᠯᠡᠳᠬᠦᠨ ᠤ ᠳᠣᠲᠣᠷ᠎ᠠ᠂ ᠬᠢᠮᠢ ᠶᠢᠨ ᠡᠮ ᠤᠨ ᠲᠦᠭᠦᠬᠡᠢ ᠡᠮ       29157.3 ᠲᠣᠨ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 68.6% ᠨᠡᠮᠡᠭᠳᠡᠪᠡ︔ ᠬᠢᠲᠠᠳ ᠪᠡᠯᠡᠨ ᠡᠮ 753.3 ᠲᠣᠨ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 48.8% ᠪᠠᠷ ᠨᠡᠮᠡᠭᠳᠡᠪᠡ︔ ᠴᠠᠭᠠᠨ ᠢᠳᠡᠭᠡᠨ 219.3 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 21.4% ᠨᠡᠮᠡᠭᠳᠡᠪᠡ︔ ᠴᠠᠬᠢᠯᠭᠠᠨ ᠭᠠᠷᠭᠠᠭᠰᠠᠨ ᠬᠡᠮᠵᠢᠶ᠎ᠡ 727.2 ᠳ᠋ᠦᠩᠰᠢᠭᠤᠷ ᠺᠢᠯᠣᠸᠠᠲ ᠴᠠᠭ ᠬᠦᠷᠴᠦ᠂ ᠠᠳᠠᠯᠢ ᠬᠤᠭᠤᠴᠠᠭᠠᠨ ᠤ ᠬᠢ ᠠᠴᠠ       16.8% ᠪᠠᠷ ᠨᠡᠮᠡᠭᠳᠡᠪᠡ︔ ᠲᠠᠩ ᠲᠠᠯᠠᠰᠲᠤ ᠴᠠᠬᠢᠭᠤᠷ 25.5 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 15.4% ᠨᠡᠮᠡᠭᠳᠡᠪᠡ︔ ᠱᠦᠢᠨᠢ 506.4 ᠲᠦᠮᠡᠨ ᠲᠣᠨ ᠬᠦᠷᠴᠦ᠂ ᠠᠳᠠᠯᠢ ᠬᠤᠭᠤᠴᠠᠭᠠᠨ ᠤ ᠬᠢ ᠠᠴᠠ 5.3% ᠨᠡᠮᠡᠭᠳᠡᠪᠡ᠃      2023 ᠣᠨ ᠳᠤ᠂ ᠪᠥᠬᠦ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠦᠢᠯᠡᠳᠬᠦᠨ ᠤ ᠪᠣᠷᠣᠯᠠᠭᠤᠯᠤᠯᠲᠠ ᠶᠢᠨ ᠨᠣᠷᠮ᠎ᠠ 99.3% ᠬᠦᠷᠴᠦ᠂ ᠥᠪᠡᠷᠲᠡᠭᠡᠨ ᠵᠠᠰᠠᠬᠤ ᠣᠷᠣᠨ ᠤ ᠬᠢ ᠠᠴᠠ 0.5 ᠵᠠᠭᠤᠨ ᠤ ᠨᠢᠭᠡᠴᠢ ᠥᠨᠳᠥᠷ ᠪᠣᠯᠵᠤ᠂ ᠪᠥᠬᠦ ᠤᠯᠤᠰ ᠤᠨ ᠬᠢ ᠠᠴᠠ 2.2 ᠵᠠᠭᠤᠨ ᠤ ᠨᠢᠭᠡᠴᠢ ᠥᠨᠳᠥᠷ ᠪᠣᠯᠵᠠᠢ᠃ ᠪᠥᠬᠦ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠦᠢᠯᠡᠳᠪᠦᠷᠢᠯᠡᠯ ᠪᠣᠷᠤᠯᠠᠭᠤᠯᠭ᠎ᠠ ᠶᠢ ᠤᠷᠤᠭᠰᠢᠲᠠᠢ ᠵᠣᠯᠭᠠᠭᠤᠯᠪᠠ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ