2023 ᠤᠨ ᠳᠤ ᠦᠪᠦᠷ ᠮᠤᠩᠭᠤᠯ ᠮᠦᠽᠧᠢ ᠨᠡᠶᠢᠭᠡᠮ ᠤᠨ ᠰᠤᠷᠭᠠᠨ ᠬᠥᠮᠦᠵᠢᠯ ᠤᠨ ᠠᠵᠢᠯᠯᠠᠭ᠎ᠠ ᠶᠢ ᠲᠠᠰᠤᠷᠠᠯᠲᠠ ᠥᠬᠡᠶ ᠪᠠᠶᠠᠯᠢᠭᠵᠢᠭᠤᠯᠤᠨ᠂ | ︽ᠪᠠᠶᠠᠰᠤᠯᠲᠤ ᠬᠢᠴᠢᠶᠡᠯ ᠤᠨ ᠲᠠᠩᠬᠢᠮ︾᠂ ︽ᠪᠢᠴᠢᠬᠠᠨ ᠲᠠᠶᠢᠯᠪᠤᠷᠢᠯᠠᠭᠴᠢ︾᠂ ︽ᠪᠢᠳᠠᠨ ᠤ ᠪᠠᠶᠠᠷ ᠤᠨ ᠡᠳᠦᠷ︾᠂ ︽ᠡᠷᠳᠡᠮ ᠤᠨ ᠴᠢᠭᠤᠯᠭᠠᠨ | ᠶᠠᠷᠢᠶᠠᠨ ᠤ ᠲᠠᠪᠴᠠᠩ︾᠂ ︽ᠨᠡᠭᠦᠳᠡᠯ ᠲᠣᠭᠠᠴᠢᠯᠠᠭᠰᠠᠨ ᠮᠦᠽᠧᠶ︾ ᠵᠡᠷᠭᠡ 10 ᠶᠡᠭᠡ ᠨᠡᠶᠢᠭᠡᠮ ᠤᠨ ᠰᠤᠷᠭᠠᠨ ᠬᠥᠮᠦᠵᠢᠯ ᠤᠨ ᠠᠵᠢᠯᠯᠠᠭ᠎ᠠ ᠶᠢ | ᠪᠦᠷᠢᠯᠳᠦᠭᠦᠯᠵᠦ᠂ ᠪᠦᠬᠦ ᠵᠢᠯ ᠳᠤ ᠨᠡᠶᠢᠲᠡ 1768 ᠲᠠᠯᠠᠪᠠᠢ ᠰᠤᠷᠭᠠᠨ ᠬᠦᠮᠦᠵᠢᠯ ᠤᠨ ᠠᠵᠢᠯᠯᠠᠭ᠎ᠠ ᠥᠷᠨᠢᠭᠦᠯᠤᠨ᠂ ᠠᠬᠤᠢ ᠳᠠᠯᠠᠪᠠᠢ ᠳᠤ 12.5 ᠲᠦᠮᠡᠨ | ᠬᠦᠮᠦᠨ ︵ᠤᠳᠠᠭ᠎ᠠ︶ ᠤᠷᠤᠯᠴᠠᠵᠦ᠂ 292.7 ᠲᠦᠮᠡᠨ ᠬᠦᠮᠦᠨ ︵ᠤᠳᠠᠭ᠎ᠠ︶ ᠰᠦᠯᠵᠢᠶᠡᠨ ᠳᠡᠭᠡᠷ᠎ᠡ ᠠᠴᠠ ᠠᠵᠢᠯᠯᠠᠭ᠎ᠠ ᠳᠤ ᠤᠷᠤᠯᠴᠠᠪᠠ᠃ | ᠦᠩᠬᠡᠷᠡᠭᠰᠡᠨ ᠨᠢᠬᠡ ᠵᠢᠯ ᠳᠤ ᠲᠤᠰ ᠮᠦᠽᠧᠢ ᠰᠤᠷᠭᠠᠨ ᠬᠥᠮᠦᠵᠢᠯ ᠤᠨ ᠬᠠᠮᠲᠤᠷᠠᠯᠴᠠᠭᠠᠨ ᠤ ᠲᠣᠭᠲᠠᠴᠠ ᠶᠢᠨ ᠰᠢᠨ᠎ᠡ ᠶᠢ ᠡᠭᠦᠳᠤᠨ 10 ᠶᠡᠭᠡ | ᠲᠠᠬᠡᠳᠤ ᠰᠤᠷᠭᠠᠭᠤᠯᠢ ᠪᠠ ᠳᠤᠮᠳᠠᠳᠤ ᠪᠠᠭ᠎ᠠ ᠰᠤᠷᠭᠠᠭᠤᠯᠢ ᠲᠠᠢ ᠬᠠᠮᠲᠤᠷᠠᠨ ︽ᠮᠦᠽᠧᠶ ᠰᠤᠷᠭᠠᠭᠤᠯᠢ ᠬᠠᠮᠲᠤᠷᠠᠭᠰᠠᠨ ᠰᠤᠷᠭᠠᠨ ᠬᠥᠮᠦᠵᠢᠯ ᠤᠨ ᠬᠤᠯᠪᠣᠭ᠎ᠠ︾ | ᠪᠠᠶᠢᠭᠤᠯᠵᠤ᠂ ᠰᠣᠶᠣᠯ ᠵᠢᠭᠤᠯᠴᠢᠯᠠᠯ ᠤᠨ ᠰᠥᠨᠢ ᠶᠢᠨ ᠬᠡᠷᠡᠭᠯᠡᠭᠡᠨ ᠤ ᠰᠢᠨ᠎ᠡ ᠬᠠᠨᠳᠤᠰᠢ ᠳᠤ ᠵᠣᠬᠢᠴᠠᠭᠤᠯᠵᠤ ︽ᠰᠥᠨᠢ ᠶᠢᠨ ᠵᠢᠭᠤᠯᠴᠢᠯᠠᠯ︾ ᠪᠠ | ︽ᠬᠤᠨᠤᠭ ᠤᠨ ᠵᠢᠭᠤᠯᠴᠢᠯᠠᠯ︾ ᠢᠶᠠᠷ ᠣᠨᠴᠠᠯᠢᠭ ᠪᠣᠯᠭᠠᠨ ᠤᠯᠤᠰ ᠤᠨ ᠡᠷᠳᠡᠨᠢ ᠶᠢ ᠬᠠᠶᠢᠨ ᠰᠦᠪᠡᠭᠴᠢᠯᠡᠬᠦ᠂ ᠲᠣᠭᠤᠷᠢᠨ ᠦᠵᠡᠬᠦ᠂ ᠰᠤᠳᠤᠯᠤᠨ ᠰᠤᠷᠤᠯᠴᠠᠬᠤ | ᠦᠢᠯᠡᠳᠦᠯᠭᠡ᠂ ᠤᠷᠠᠯᠢᠭ ᠤᠨ ᠴᠤᠭᠯᠠᠭᠠᠨ ᠵᠡᠷᠭᠡ ᠠᠵᠢᠯᠯᠠᠭ᠎ᠠ ᠥᠷᠨᠢᠭᠦᠯᠵᠠᠢ︔ ᠲᠡᠦᠬᠡ ᠶᠢᠨ ᠳᠤᠷᠠᠰᠬᠠᠯᠲᠤ ᠵᠦᠢᠯᠡᠰ ᠤᠨ ᠮᠡᠳᠡᠯᠭᠡ ᠶᠢ ᠲᠦᠭᠡᠮᠡᠯᠵᠢᠭᠦᠯᠤᠨ᠂ | ᠪᠥᠬᠦ ᠵᠢᠯ ᠳᠤ 5 ᠤᠳᠠᠭ᠎ᠠ ᠶᠢᠨ ᠨᠡᠶᠢᠲᠡ ᠶᠢᠨ ᠠᠰᠠᠷᠠᠮᠵᠢ ᠶᠢᠨ ᠰᠢᠯᠭᠠᠨ ᠲᠣᠭᠲᠠᠭᠠᠯᠲᠠ ᠶᠢᠨ ᠵᠥᠪᠯᠡᠯᠭᠡ ᠥᠭᠬᠦ ᠠᠵᠢᠯᠯᠠᠭ᠎ᠠ ᠥᠷᠨᠢᠭᠦᠯᠵᠦ᠂ 120 ᠭᠠᠷᠤᠶ | ᠡᠳ᠋ ᠡᠷᠳᠡᠨᠢᠰ ᠢ ᠬᠢᠨᠠᠨ ᠰᠢᠯᠭᠠᠪᠠ᠃ ᠪᠠᠰᠠ ᠴᠤᠤᠷᠢᠶ᠎ᠠ ᠪᠠ ᠵᠢᠷᠭᠢᠶ᠎ᠡ ᠶᠢᠨ ᠸᠢᠳᠢᠣ᠋ ᠶᠢᠨ ᠳ᠋ᠤᠭᠠᠷ ᠲᠠᠭᠠᠨ ︽ᠠᠯᠳᠠᠨ ᠮᠧᠳᠠᠯᠳᠦ ᠲᠠᠶᠢᠯᠪᠤᠷᠢᠯᠠᠭᠴᠢ ᠲᠡᠦᠬᠡ ᠶᠢᠨ | ᠳᠤᠷᠠᠰᠬᠠᠯᠲᠤ ᠵᠦᠢᠯᠡᠰ ᠢ ᠲᠠᠶᠢᠯᠪᠤᠷᠢᠯᠠᠬᠤᠢ︾ ᠲᠤᠰᠬᠠᠢ ᠰᠡᠳᠦᠪᠲᠦ ᠮᠡᠳᠡᠭᠡᠯᠡᠯ ᠢ 20 ᠬᠤᠭᠤᠴᠠᠭ᠎ᠠ ᠬᠢᠵᠤ᠂ ᠰᠢᠨᠬᠤᠸᠠ ᠰᠦᠯᠵᠢᠶ᠎ᠡ ᠲᠠᠢ ᠬᠠᠮᠲᠤᠷᠠᠯᠴᠠᠨ | ︽ᠲᠠᠯ᠎ᠠ ᠨᠤᠲᠤᠭ ᠤᠨ ᠡᠷᠳᠡᠨᠢᠰ ᠤᠨ ᠰᠠᠩ · ᠬᠡᠷ ᠣᠷᠣᠨ︾ ᠭᠡᠬᠦ ᠲᠤᠰᠬᠠᠢ ᠰᠡᠳᠦᠪᠲᠦ ᠪᠤᠯᠤᠩ ᠤᠨ ᠳᠥᠷᠪᠡᠳᠦᠭᠡᠷ ᠤᠯᠠᠷᠢᠯ ᠤᠨ ᠬᠤᠶᠠᠳᠤᠭᠠᠷ | ᠬᠤᠭᠤᠴᠠᠭᠠᠨ ᠤ ᠫᠷᠣᠭ᠍ᠷᠠᠮ ᠢ ᠦᠢᠯᠡᠳᠴᠦ᠂ ᠬᠦᠮᠦᠰ ᠤᠨ ᠣᠯᠠᠨ ᠶᠠᠩᠵᠤᠲᠤ᠂ ᠣᠯᠠᠨ ᠲᠠᠰ ᠳᠠᠪᠬᠤᠷᠭ᠎ᠠ᠂ ᠣᠯᠠᠨ ᠲᠠᠯ᠎ᠠ ᠶᠢᠨ ᠰᠣᠶᠣᠯ ᠤᠨ ᠬᠡᠷᠡᠭᠴᠡᠭᠡ ᠶᠢ | ᠬᠠᠩᠭᠠᠭᠰᠠᠨ ᠪᠠᠶᠢᠨ᠎ᠠ᠃ ᠲᠤᠰ ᠵᠢᠯ ᠳᠤ ᠦᠪᠦᠷ ᠮᠤᠩᠭᠤᠯ ᠮᠦᠽᠧᠢ ᠪᠥᠬᠦ ᠤᠯᠤᠰ ᠤᠨ ᠵᠠᠯᠠᠭᠤᠴᠤᠳ ᠤᠨ ᠪᠣᠯᠪᠠᠰᠤᠨ ᠤ ᠢᠷᠠᠭᠤ ᠠᠯᠳᠠᠷ ᠤᠨ ᠴᠣᠯᠠ ᠶᠢ | ᠭᠤᠷᠪᠠᠳᠡᠬᠢ ᠤᠳᠠᠭ᠎ᠠ ᠭᠥᠷᠳᠡᠵᠦ᠂ ᠲᠦᠷᠦᠬᠦᠤ ᠪᠦᠯᠦᠭ ᠤᠨ ︽ᠬᠤᠶᠠᠷ ᠣᠳᠣᠨ ᠲᠠᠰ ᠤᠨ ᠪᠥᠬᠦ ᠤᠯᠤᠰ ᠤᠨ ᠵᠠᠯᠠᠭᠤᠴᠤᠳ ᠤᠨ ᠪᠣᠯᠪᠠᠰᠤᠨ ᠨᠡᠷᠡᠮᠵᠢᠲᠦ︾ | ᠪᠠᠷ ᠦᠨᠡᠯᠡᠭᠳᠡᠵᠠᠢ᠃ |