ᠬᠥᠬᠡᠬᠤᠲᠠ ᠶᠢᠨ 2024 ᠣᠨ ᠤ ︽ᠲᠠᠪᠤᠨ ᠲᠦᠮᠡᠨ ᠣᠶᠤᠲᠠᠨ ᠢ ᠬᠥᠬᠡᠬᠤᠲᠠ ᠳᠤ ᠦᠯᠡᠳᠡᠭᠡᠬᠦ ᠲᠤᠰᠬᠠᠢ ᠠᠵᠢᠯᠯᠠᠭ᠎ᠠ︾ ᠵᠢᠴᠢ ᠣᠶᠤᠲᠠᠳ ᠤᠨ ᠡᠪᠦᠯ ᠤᠨ ᠠᠮᠠᠷᠠᠯᠲᠠ ᠶᠢᠨ ᠦᠢᠯᠡᠳᠦᠯᠭᠡ ᠶᠢᠨ ᠪᠡᠶᠡᠴᠢᠯᠡᠨ ᠣᠶᠢᠯᠠᠭᠠᠬᠤ ᠠᠵᠢᠯᠯᠠᠭ᠎ᠠ ᠶᠠᠪᠤᠭᠳᠠᠪᠠ
ᠨᠡᠶᠢᠲᠡᠯᠡᠭᠰᠡᠨ ᠴᠠᠭ᠄
2024/1/22
      ︵ᠰᠤᠷᠪᠤᠯᠵᠢᠯᠠᠭᠴᠢ ᠯᠢᠦᠢ ᠬᠤᠢ ᠱᠧᠩ︶ ᠣᠶᠢᠷ᠎ᠠ ᠳᠤ᠂ ᠬᠤᠲᠠ ᠶᠢᠨ ᠵᠠᠰᠠᠭ ᠤᠨ ᠣᠷᠳᠣᠨ ᠠᠴᠠ ᠭᠤᠣᠯᠯᠠᠨ ᠡᠷᠬᠢᠯᠡᠵᠦ᠂ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠣᠯᠣᠨ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠬᠤᠲᠠ ᠶᠢᠨ ᠠᠵᠤ ᠦᠢᠯᠡᠳᠪᠦᠷᠢ ᠪᠣᠯᠣᠨ ᠮᠡᠳᠡᠭᠡ ᠵᠠᠩᠭᠢᠴᠢᠯᠠᠯᠲᠠ ᠶᠢᠨ ᠲᠣᠪᠴᠢᠶ᠎ᠠ᠂ ᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠬᠤᠲᠠ ᠶᠢᠨ ᠡᠪᠯᠡᠯ ᠤᠨ ᠬᠤᠷᠢᠶ᠎ᠠ ᠠᠴᠠ ᠬᠠᠮᠲᠤᠪᠠᠷ ᠳᠠᠭᠠᠭᠠᠨ ᠡᠷᠬᠢᠯᠡᠭᠰᠡᠨ ᠬᠥᠬᠡᠬᠤᠲᠠ ᠶᠢᠨ 2024 ᠣᠨ ᠤ ︽ᠲᠠᠪᠤᠨ ᠲᠦᠮᠡᠨ ᠣᠶᠤᠲᠠᠨ ᠢ ᠬᠥᠬᠡᠬᠤᠲᠠ ᠳᠤ ᠦᠯᠡᠳᠡᠭᠡᠬᠦ ᠲᠤᠰᠬᠠᠢ ᠠᠵᠢᠯᠯᠠᠭ᠎ᠠ︾ ᠵᠢᠴᠢ ᠣᠶᠤᠲᠠᠳ ᠤᠨ ᠡᠪᠦᠯ ᠤᠨ ᠠᠮᠠᠷᠠᠯᠲᠠ ᠶᠢᠨ ᠦᠢᠯᠡᠳᠦᠯᠭᠡ ᠶᠢᠨ ᠪᠡᠶᠡᠴᠢᠯᠡᠨ ᠣᠶᠢᠯᠠᠭᠠᠬᠤ ᠠᠵᠢᠯᠯᠠᠭ᠎ᠠ ᠲᠡᠭᠦᠰ ᠠᠮᠵᠢᠯᠲᠠ ᠲᠠᠢ ᠲᠡᠭᠦᠰᠴᠦ᠂ 400 ᠭᠠᠷᠤᠢ ᠶᠡᠭᠡ ᠳᠡᠭᠡᠳᠦ ᠰᠤᠷᠭᠠᠭᠤᠯᠢ ᠶᠢᠨ ᠣᠶᠤᠲᠠᠨ ᠠᠵᠢᠯᠯᠠᠭ᠎ᠠ ᠳᠤ ᠣᠷᠣᠯᠴᠠᠪᠠ᠃      ᠬᠤᠶᠠᠷ ᠡᠳᠦᠷ ᠤᠨ ᠬᠤᠭᠤᠴᠠᠭ᠎ᠠ ᠲᠠᠢ ᠠᠵᠢᠯᠯᠠᠭ᠎ᠠ ᠳᠤᠮᠳᠠ᠂ ᠣᠶᠤᠲᠠᠳ ᠲᠣᠰ ᠲᠣᠰ ᠬᠥᠬᠡᠬᠤᠲᠠ ᠶᠢᠨ ᠬᠤᠲᠠ ᠶᠢᠨ ᠦᠵᠡᠭᠦᠯᠦᠯᠭᠡ ᠶᠢᠨ ᠲᠥᠪ᠂ ᠢᠯᠢ ᠶᠢᠨ ᠣᠲᠣ ᠦᠶ᠎ᠡ ᠶᠢᠨ ᠣᠶᠤᠨᠲᠤ ᠡᠷᠡᠭᠦᠯ ᠮᠡᠨᠳᠦ ᠶᠢᠨ ᠬᠥᠨᠳᠡᠢ᠂ ᠬᠤᠸᠠ ᠶᠣᠣ ᠬᠡᠷᠡᠯ ᠴᠠᠬᠢᠯᠭᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ᠂ ᠬᠥᠬᠡᠬᠤᠲᠠ ᠶᠢᠨ ᠱᠤᠭᠤᠮᠠᠯ ᠤᠨ ᠤᠷᠠᠯᠢᠭ ᠤᠨ ᠣᠷᠳᠣᠨ᠂ ᠴᠡᠯᠡᠭᠡᠷ ᠲᠠᠯ᠎ᠠ ᠤᠯᠤᠰ ᠤᠨ ᠲᠠᠯ᠎ᠠ ᠨᠤᠲᠤᠭ ᠤᠨ ᠪᠠᠶᠢᠭᠠᠯᠢ ᠶᠢᠨ ᠴᠡᠴᠡᠷᠯᠢᠭ᠂ ᠰᠢᠶᠥᠥ ᠼᠣᠣ ᠡᠪᠡᠰᠦᠨ ᠦᠷ᠎ᠡ ᠶᠢᠨ ᠴᠡᠩᠭᠡᠯ ᠤᠨ ᠬᠦᠷᠢᠶᠡᠯᠡᠩ ᠪᠠ ᠶᠡᠭᠡ ᠲᠦᠷᠭᠡᠨ ᠭᠤᠣᠯ ᠤᠨ ᠴᠡᠷᠢᠭ ᠤᠨ ᠶᠠᠪᠤᠳᠠᠯ ᠤᠨ ᠰᠣᠶᠣᠯ ᠤᠨ ᠴᠡᠩᠭᠡᠯ ᠤᠨ ᠬᠦᠷᠢᠶᠡᠯᠡᠩ ᠵᠡᠷᠭᠡ ᠭᠠᠵᠠᠷ ᠢᠶᠠᠷ ᠬᠦᠷᠴᠦ ᠪᠡᠶᠡᠴᠢᠯᠡᠨ ᠣᠶᠢᠯᠠᠭᠠᠪᠠ᠃ ᠡᠨᠡ ᠨᠢ ᠰᠤᠷᠤᠭᠴᠢᠳ ᠲᠤ ᠬᠥᠬᠡᠬᠤᠲᠠ ᠶᠢᠨ ᠬᠤᠲᠠ ᠶᠢᠨ ᠠᠮᠢᠵᠢᠷᠠᠯ ᠤᠨ ᠬᠦᠴᠦᠨ ᠪᠠ ᠠᠮᠢ ᠠᠬᠤᠢ ᠶᠢᠨ ᠣᠷᠴᠢᠨ ᠨᠥᠬᠦᠴᠡᠯ ᠤᠨ ᠬᠥᠭᠵᠢᠯᠲᠡ ᠬᠤᠪᠢᠷᠠᠯᠲᠠ ᠶᠢ ᠦᠨᠡᠨ ᠬᠦ ᠮᠡᠳᠡᠷᠡᠭᠦᠯᠵᠦ᠂ ᠳᠡᠷᠭᠡᠳᠡᠬᠢ              ︽ᠮᠥᠷᠥᠭᠡᠳᠦᠯ ᠬᠥᠭᠡᠭᠡᠴᠡᠯᠳᠦᠯ︾ ᠶᠢ ᠪᠣᠯᠣᠯᠴᠠᠭ᠎ᠠ ᠲᠠᠢ ᠪᠣᠯᠭᠠᠭᠰᠠᠨ ᠪᠠᠶᠢᠨ᠎ᠠ᠃      ︽ᠵᠠᠯᠠᠭᠤ ᠬᠥᠮᠥᠰ ᠬᠢᠵᠠᠭᠠᠷ ᠦᠭᠡᠢ ᠪᠣᠯᠣᠮᠵᠢ ᠲᠠᠢ ᠭᠡᠳᠡᠭ ᠪᠣᠯᠪᠠᠴᠤ ᠨᠡᠶᠢᠭᠡᠮ ᠤᠨ ᠠᠩᠬᠠᠨ ᠤ ᠠᠯᠬᠤᠮ ᠢ ᠰᠠᠶᠢᠨ ᠠᠯᠬᠤᠵᠤ ᠴᠢᠳᠠᠬᠤ ᠡᠰᠡᠬᠦ ᠪᠠᠷ ᠰᠢᠢᠳᠪᠦᠷᠢᠯᠡᠭᠳᠡᠨ᠎ᠡ᠂ ᠡᠨᠡ ᠤᠳᠠᠭᠠᠨ ᠤ ᠦᠢᠯᠡᠳᠦᠯᠭᠡ ᠶᠢᠨ ᠠᠵᠢᠯᠯᠠᠭ᠎ᠠ ᠨᠢ ᠮᠢᠨᠤ ᠬᠠᠷᠠᠭ᠎ᠠ ᠶᠢ ᠶᠡᠬᠡᠪᠡᠷ ᠨᠡᠭᠡᠭᠡᠵᠦ᠂ ᠮᠠᠰᠢ ᠣᠯᠠᠨ ᠮᠡᠳᠡᠭᠡ ᠵᠠᠩᠭᠢ ᠶᠢ ᠣᠶᠢᠯᠠᠭᠠᠭᠤᠯᠤᠭᠰᠠᠨ ᠪᠠᠶᠢᠨ᠎ᠠ᠂ ᠡᠶᠢᠮᠦ ᠠᠵᠢᠯᠯᠠᠭ᠎ᠠ ᠪᠣᠯ ᠲᠤᠶᠢᠯ ᠤᠨ ᠦᠨ᠎ᠡ ᠥᠷᠲᠡᠭ ᠲᠠᠢ ᠶᠤᠮ᠃︾ ᠭᠡᠵᠦ ᠠᠵᠢᠯᠯᠠᠭ᠎ᠠ ᠳᠤ ᠣᠷᠣᠯᠴᠠᠭᠰᠠᠨ ᠣᠶᠤᠲᠠᠨ ᠮᠠ ᠨᠢᠩ ᠪᠠᠶᠠᠷ ᠲᠠᠢ ᠬᠡᠯᠡᠨ᠎ᠡ᠃      ᠣᠶᠢᠯᠠᠭᠠᠭᠰᠠᠨ ᠢᠶᠠᠷ᠂ ᠡᠨᠡ ᠵᠢᠯ ᠮᠠᠨ ᠤ ᠬᠤᠲᠠ 2024 ᠣᠨ ᠤ ︽ᠲᠠᠪᠤᠨ ᠲᠦᠮᠡᠨ ᠣᠶᠤᠲᠠᠨ ᠢ ᠬᠥᠬᠡᠬᠤᠲᠠ ᠳᠤ ᠦᠯᠡᠳᠡᠭᠡᠬᠦ ᠲᠤᠰᠬᠠᠢ ᠠᠵᠢᠯᠯᠠᠭ᠎ᠠ︾ ᠶᠢ ᠪᠥᠬᠦ ᠲᠠᠯ᠎ᠠ ᠪᠠᠷ ᠡᠬᠢᠯᠡᠨ ᠬᠡᠷᠡᠭᠵᠢᠭᠦᠯᠵᠦ᠂ ︽ᠠᠵᠤ ᠦᠢᠯᠡᠰ ᠤᠨ ᠠᠵᠢᠯ ᠤᠨ ᠪᠠᠶᠢᠷᠢ ᠶᠢ ᠥᠷᠭᠡᠳᠬᠡᠬᠦ︾ ︽ᠠᠳᠠᠯ ᠦᠢᠯᠡᠰ ᠴᠣᠭᠴᠠᠯᠠᠬᠤ ᠶᠢ ᠲᠤᠰᠠᠯᠠᠬᠤ︾ ︽ᠴᠢᠳᠠᠪᠤᠷᠢᠲᠠᠨ ᠡᠯᠰᠡᠵᠦ ᠣᠶᠤᠨ ᠤᠬᠠᠭᠠᠨ ᠣᠷᠣᠭᠤᠯᠬᠤ︾ ᠵᠡᠷᠭᠡ 8 ᠵᠦᠢᠯ ᠤᠨ ᠠᠵᠢᠯᠯᠠᠭ᠎ᠠ ᠪᠠᠷ ᠳᠠᠮᠵᠢᠭᠤᠯᠤᠨ᠂ ᠥᠷᠭᠡᠨ ᠣᠯᠠᠨ ᠰᠤᠷᠤᠭᠴᠢᠳ ᠲᠤ ᠪᠥᠬᠦ ᠲᠠᠯ᠎ᠠ ᠶᠢᠨ ᠰᠡᠳᠬᠢᠯ ᠳᠤ ᠳᠤᠯᠠᠭᠠᠬᠠᠨ ᠦᠢᠯᠡᠴᠢᠯᠡᠭᠡᠨ ᠤ ᠪᠠᠲᠤᠯᠠᠭ᠎ᠠ ᠬᠠᠩᠭᠠᠬᠤ ᠪᠠᠷ ᠴᠢᠷᠮᠠᠶᠢᠨ᠎ᠠ᠃ ᠡᠭᠦᠨ ᠤ ᠵᠡᠷᠭᠡᠴᠡᠭᠡᠪᠡᠷ᠂ ︽ᠵᠢᠷᠭᠤᠭᠠᠨ ᠶᠡᠭᠡ ᠠᠵᠤ ᠦᠢᠯᠡᠰ ᠤᠨ ᠪᠥᠭᠡᠮᠨᠡᠷᠡᠯ︾ ᠢ ᠭᠤᠣᠯᠳᠠᠯᠭ᠎ᠠ ᠲᠠᠢ ᠪᠠᠷ ᠪᠣᠶᠢᠵᠢᠭᠤᠯᠵᠤ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠬᠥᠭᠵᠢᠭᠰᠡᠨ ᠠᠵᠤ ᠦᠢᠯᠡᠰ ᠢ ᠬᠥᠭᠵᠢᠭᠦᠯᠦᠨ᠂ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠢ ᠶᠡᠬᠡᠪᠡᠷ ᠬᠥᠭᠵᠢᠭᠦᠯᠵᠦ᠂ ᠠᠵᠤ ᠦᠢᠯᠡᠰ ᠤᠨ ᠬᠡᠯᠬᠢᠶ᠎ᠡ ᠶᠢᠨ ᠳᠡᠭᠡᠳᠦ ᠳᠣᠣᠷᠠᠳᠤ ᠤᠷᠤᠰᠬᠠᠯ ᠤᠨ ᠢᠵᠢ ᠪᠦᠷᠢᠳᠦᠭᠰᠡᠨ ᠴᠢᠨᠠᠷ ᠰᠠᠶᠢᠲᠠᠢ ᠲᠥᠷᠥᠯ ᠵᠦᠢᠯ ᠢ ᠦᠷᠭᠦᠯᠵᠢᠯᠡᠨ ᠳᠠᠰᠤᠷᠠᠯᠳᠠ ᠦᠭᠡᠢ ᠣᠷᠣᠭᠤᠯᠤᠨ ᠠᠪᠴᠢᠷᠠᠬᠤ ᠪᠠᠷ ᠳᠠᠮᠵᠢᠭᠤᠯᠤᠨ᠂ ᠠᠵᠢᠯ ᠣᠯᠭᠤᠯᠲᠠ ᠶᠢᠨ ᠰᠢᠨ᠎ᠡ ᠬᠦᠷᠢᠶ᠎ᠡ ᠶᠢ ᠳᠠᠶᠢᠴᠢᠯᠠᠨ ᠥᠷᠭᠡᠳᠬᠡᠵᠦ᠂ ᠶᠡᠭᠡ ᠰᠤᠷᠭᠠᠭᠤᠯᠢ ᠲᠡᠭᠦᠰᠦᠭᠰᠡᠨ ᠣᠶᠤᠲᠠᠳ ᠲᠤ ᠶᠡᠭᠡ ᠬᠡᠮᠵᠢᠶᠡᠨ ᠤ ᠤᠯᠠᠨ ᠡᠰᠢᠴᠢᠯᠡᠭᠰᠡᠨ ᠠᠵᠢᠯ ᠤᠨ ᠪᠠᠶᠢᠷᠢ ᠬᠠᠩᠭᠠᠨ᠎ᠠ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ