ᠮᠠᠨ ᠤ ᠬᠤᠲᠠ ᠶᠢᠨ ᠭᠠᠳᠠᠭᠠᠳᠤ ᠠᠷᠠᠯᠵᠢᠶᠠᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠶᠡᠷᠦᠩᠬᠡᠢ ᠬᠡᠮᠵᠢᠶ᠎ᠡ ᠲᠠᠪᠤᠨ ᠵᠢᠯ ᠳᠠᠷᠠᠭᠠᠯᠠᠨ ᠨᠡᠮᠡᠭᠳᠡᠪᠡ
ᠨᠡᠶᠢᠲᠡᠯᠡᠭᠰᠡᠨ ᠴᠠᠭ᠄
2024/1/23
      ︵ᠰᠤᠷᠪᠤᠯᠵᠢᠯᠠᠭᠴᠢ ᠴᠢ ᠰᠢᠶᠣᠣ ᠶᠠᠨ ᠴᠢᠮᠡᠭᠡᠯᠡᠭᠴᠢ ᠸᠠᠩ ᠢᠦᠢ ᠹᠧᠩ︶ ᠰᠠᠶᠢᠬᠠᠨ ᠪᠣᠭᠤᠮᠲᠠ ᠶᠢᠨ ᠪᠦᠷᠢᠳᠬᠡᠯ ᠢ ᠦᠨᠳᠦᠰᠦᠯᠡᠪᠡᠯ᠂ 2023 ᠣᠨ ᠤ ᠬᠥᠬᠡᠬᠤᠲᠠ ᠶᠢᠨ ᠭᠠᠳᠠᠭᠠᠳᠤ ᠠᠷᠠᠯᠵᠢᠶᠠᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠶᠡᠷᠦᠩᠬᠡᠢ ᠦᠷᠳᠡᠭ 194.4 ᠳ᠋ᠦᠩᠰᠢᠭᠤᠷ ᠲᠥᠭᠦᠷᠢᠭ ᠠᠷᠠᠳ ᠤᠨ ᠵᠣᠭᠤᠰ ᠬᠦᠷᠴᠦ᠂ ᠠᠳᠠᠯᠢ ᠬᠤᠭᠤᠴᠠᠭᠠᠨ ᠤ ᠬᠢ ᠠᠴᠠ 6.2% ᠢᠶᠠᠷ ᠨᠡᠮᠡᠭᠳᠡᠪᠡ᠂ ᠡᠭᠦᠨ ᠳᠤ ᠭᠠᠳᠠᠭᠠᠳᠤ ᠳᠤ ᠭᠠᠷᠭᠠᠭᠰᠠᠨ ᠦᠷᠳᠡᠭ 118.1 ᠳ᠋ᠦᠩᠰᠢᠭᠤᠷ ᠲᠥᠭᠦᠷᠢᠭ ᠬᠦᠷᠴᠦ᠂ ᠠᠳᠠᠯᠢ ᠬᠤᠭᠤᠴᠠᠭᠠᠨ ᠤ ᠬᠢ ᠠᠴᠠ 26.6% ᠢᠶᠠᠷ ᠨᠡᠮᠡᠭᠳᠡᠵᠡᠢ︔ ᠭᠠᠳᠠᠭᠠᠳᠤ ᠠᠴᠠ ᠣᠷᠣᠭᠤᠯᠤᠭᠰᠠᠨ ᠥᠷᠲᠡᠭ 76.3 ᠳ᠋ᠦᠩᠰᠢᠭᠤᠷ ᠲᠥᠭᠦᠷᠢᠭ ᠬᠦᠷᠴᠦ᠂ ᠠᠳᠠᠯᠢ ᠬᠤᠭᠤᠴᠠᠭᠠᠨ ᠤ ᠬᠢ ᠠᠴᠠ 14.9% ᠪᠠᠷ ᠪᠠᠭᠤᠷᠠᠪᠠ᠃ 2023 ᠣᠨ ᠤ 12 ᠳ᠋ᠤᠭᠠᠷ ᠰᠠᠷ᠎ᠠ ᠳᠤ ᠭᠠᠭᠴᠠ ᠰᠠᠷ᠎ᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠠᠷᠠᠯᠵᠢᠶᠠᠨ ᠤ ᠦᠷᠳᠡᠭ 39.2 ᠳ᠋ᠦᠩᠰᠢᠭᠤᠷ ᠲᠥᠭᠦᠷᠢᠭ ᠬᠦᠷᠴᠦ᠂ ᠠᠳᠠᠯᠢ ᠬᠤᠭᠤᠴᠠᠭᠠᠨ ᠤ ᠬᠢ ᠠᠴᠠ ᠲᠤᠰ ᠲᠤᠰ 186% ᠪᠠ 154.4% ᠨᠡᠮᠡᠭᠳᠡᠵᠡᠢ᠃ 2019 ᠣᠨ ᠠᠴᠠ ᠨᠠᠭᠠᠰᠢ᠂ ᠮᠠᠨ ᠤ ᠬᠤᠲᠠ ᠶᠢᠨ ᠭᠠᠳᠠᠭᠠᠳᠤ ᠠᠷᠠᠯᠵᠢᠶᠠᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠶᠡᠷᠦᠩᠬᠡᠢ ᠬᠡᠮᠵᠢᠶ᠎ᠡ ᠲᠠᠪᠤᠨ ᠵᠢᠯ ᠳᠠᠷᠠᠭᠠᠯᠠᠨ ᠨᠡᠮᠡᠭᠳᠡᠵᠦ᠂ ᠲᠣᠭᠲᠠᠭᠤᠨ ᠢᠶᠠᠷ ᠨᠡᠮᠡᠭᠳᠡᠬᠦ ᠪᠠᠶᠢᠳᠠᠯ ᠢᠶᠠᠨ ᠦᠷᠭᠦᠯᠵᠢᠯᠡᠨ ᠪᠠᠲᠤᠯᠠᠪᠠ᠃      ᠲᠤᠭ᠎ᠠ ᠪᠠᠷᠢᠮᠲᠠ ᠳᠤ ᠬᠠᠷᠠᠭᠤᠯᠤᠭᠰᠠᠨ ᠢᠶᠠᠷ᠂ ᠬᠥᠬᠡᠬᠤᠲᠠ ᠶᠢᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠦᠷᠳᠡᠭ ᠦᠷᠭᠦᠯᠵᠢᠯᠡᠨ ᠲᠦᠷᠭᠡᠨ ᠨᠡᠮᠡᠭᠳᠡᠬᠦ ᠬᠠᠨᠳᠤᠰᠢ ᠲᠠᠢ ᠪᠠᠶᠢᠨ᠎ᠠ᠃ 2023 ᠣᠨ ᠳᠤ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠦᠷᠳᠡᠭ 123.9 ᠳ᠋ᠦᠩᠰᠢᠭᠤᠷ ᠲᠥᠭᠦᠷᠢᠭ ᠬᠦᠷᠴᠦ᠂ ᠠᠳᠠᠯᠢ ᠬᠤᠭᠤᠴᠠᠭᠠᠨ ᠤ ᠬᠢ ᠠᠴᠠ 24.7% ᠨᠡᠮᠡᠭᠳᠡᠵᠦ᠂ ᠪᠦᠬᠦ ᠬᠤᠳᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠶᠡᠷᠦᠩᠬᠡᠢ ᠦᠷᠳᠡᠭ ᠤᠨ 63.7% ᠶᠢ ᠡᠵᠡᠯᠡᠪᠡ᠃ ᠭᠠᠳᠠᠭᠠᠳᠤ ᠠᠴᠠ ᠣᠷᠣᠭᠤᠯᠬᠤ ᠪᠠ ᠭᠠᠳᠠᠭᠠᠳᠤ ᠳᠤ ᠭᠠᠷᠭᠠᠭᠰᠠᠨ ᠲᠠᠸᠠᠷ ᠠᠴᠠ ᠠᠪᠴᠤ ᠦᠵᠡᠪᠡᠯ᠂ ᠭᠠᠳᠠᠭᠠᠳᠤ ᠠᠴᠠ ᠣᠷᠣᠭᠤᠯᠬᠤ ᠨᠢ ᠲᠠᠷᠢᠶᠠᠯᠠᠩ ᠤᠨ ᠪᠦᠲᠦᠭᠡᠭᠳᠡᠬᠦᠨ ᠢᠶᠠᠷ ᠭᠤᠣᠯ ᠪᠣᠯᠭᠠᠵᠤ᠂ ᠭᠠᠳᠠᠭᠠᠳᠤ ᠠᠴᠠ ᠣᠷᠣᠭᠤᠯᠤᠭᠰᠠᠨ ᠦᠷᠳᠡᠭ ᠨᠢ 40.3 ᠳ᠋ᠦᠩᠰᠢᠭᠤᠷ ᠲᠥᠭᠦᠷᠢᠭ ᠬᠦᠷᠴᠦ᠂ ᠪᠦᠬᠦ ᠬᠤᠳᠠ ᠶᠢᠨ ᠭᠠᠳᠠᠭᠠᠳᠤ ᠠᠴᠠ ᠣᠷᠣᠭᠤᠯᠤᠭᠰᠠᠨ ᠦᠷᠳᠡᠭ ᠤᠨ 52.8% ᠶᠢ ᠡᠵᠡᠯᠡᠪᠡ︔ ᠭᠠᠳᠠᠭᠠᠳᠤ ᠳᠤ ᠭᠠᠷᠭᠠᠭᠰᠠᠨ ᠳᠤ ᠮᠠᠰᠢᠨ ᠴᠠᠬᠢᠯᠭᠠᠨ ᠤ ᠦᠢᠯᠡᠳᠬᠦᠨ᠂ ᠳᠡᠭᠡᠳᠦ ᠰᠢᠨ᠎ᠡ ᠮᠡᠷᠭᠡᠵᠢᠯ ᠤᠨ ᠦᠢᠯᠡᠳᠬᠦᠨ ᠢᠶᠠᠷ ᠭᠤᠣᠯ ᠪᠣᠯᠭᠠᠵᠤ᠂ ᠡᠨᠡ ᠬᠤᠶᠠᠷ ᠤᠨ ᠭᠠᠳᠠᠭᠠᠳᠤ ᠳᠤ ᠭᠠᠷᠭᠠᠭᠰᠠᠨ ᠦᠷᠳᠡᠭ ᠨᠡᠶᠢᠳᠡ 41.6 ᠳ᠋ᠦᠩᠰᠢᠭᠤᠷ ᠲᠥᠭᠦᠷᠢᠭ ᠬᠦᠷᠴᠦ᠂ ᠪᠦᠬᠦ ᠬᠤᠳᠠ ᠶᠢᠨ ᠭᠠᠳᠠᠭᠠᠳᠤ ᠳᠤ ᠭᠠᠷᠭᠠᠭᠰᠠᠨ ᠦᠷᠳᠡᠭ ᠤᠨ 21.4% ᠶᠢ ᠡᠵᠡᠯᠡᠪᠡ᠃ ᠠᠷᠠᠯᠵᠢᠶᠠᠨ ᠤ ᠤᠯᠤᠰ ᠤᠨ ᠢᠯᠭᠠᠯ ᠠᠴᠠ ᠠᠪᠴᠤ ᠦᠵᠡᠪᠡᠯ᠂ 2023 ᠣᠨ ᠳᠤ ᠠᠮᠧᠷᠢᠺᠠ ᠪᠣᠯ ᠬᠥᠬᠡᠬᠤᠲᠠ ᠶᠢᠨ ᠬᠠᠮᠤᠭ ᠤᠨ ᠲᠣᠮᠣ ᠠᠷᠠᠯᠵᠢᠶᠠᠨ ᠤ ᠬᠠᠨᠢᠲᠠᠨ ᠤᠯᠤᠰ ᠪᠠᠶᠢᠵᠤ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠦᠷᠳᠡᠭ ᠨᠢ 29.5 ᠳ᠋ᠦᠩᠰᠢᠭᠤᠷ ᠲᠥᠭᠦᠷᠢᠭ ᠬᠦᠷᠴᠦ᠂ 15.2% ᠢ ᠡᠵᠡᠯᠡᠪᠡ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ