| | | 1 ᠳ᠋ᠦ᠋ᠭᠡᠷ ᠰᠠᠷ᠎ᠠ ᠶᠢᠨ 22 ᠤᠨ ᠡᠳᠦᠷ᠂ ᠥᠪᠥᠷ ᠮᠣᠩᠭᠤᠯ ᠤᠨ ᠳ᠋ᠠ ᠶᠣᠣ ᠵᠢᠶᠠ ᠪᠢᠨ ᠤᠮᠳᠠᠭᠠᠨ ᠤ ᠬᠢᠵᠠᠭᠠᠷᠲᠤ | ᠺᠣᠮᠫᠠᠨᠢ ᠶᠢᠨ ᠭᠠᠳᠠᠭᠠᠳᠤ ᠳᠤ ᠭᠠᠷᠭᠠᠬᠤ ᠳᠠᠮᠵᠢᠭᠤᠯᠤᠨ ᠲᠡᠭᠡᠭᠡᠪᠦᠷᠢᠯᠡᠬᠦ ᠬᠥᠮᠥᠷᠭᠡ ᠳᠤ᠂ ᠠᠴᠠ ᠲᠡᠷᠭᠡ ᠨᠦᠭᠦᠳ | ᠶᠠᠭᠠᠷᠠᠯᠲᠠᠢ ᠠᠵᠢᠯᠯᠠᠵᠤ᠂ ᠤᠳᠠᠯ ᠦᠭᠡᠢ ᠸᠢᠶᠧᠲᠨᠠᠮ ᠳᠤ ᠪᠠᠴᠢᠮ ᠭᠠᠷᠭᠠᠬᠤ ᠭᠡᠵᠦ ᠪᠠᠶᠢᠭ᠎ᠠ ᠨᠢᠭᠡ ᠪᠦᠯᠦᠭ ᠪᠠᠷᠠᠭ᠎ᠠ ᠶᠢ | ᠶᠠᠭᠠᠷᠠᠯᠲᠠᠢ ᠠᠴᠢᠶᠠᠯᠠᠵᠤ ᠪᠠᠶᠢᠨ᠎ᠠ᠃ ᠡᠨᠡ ᠪᠦᠯᠦᠭ ᠥᠪᠡᠷᠮᠢᠴᠡ ᠣᠨᠴᠠᠯᠢᠭ ᠲᠠᠢ ᠤᠮᠳᠠᠭᠠᠨ ᠤ ᠬᠦᠨᠳᠦ ᠨᠢ ᠪᠠᠷᠤᠭ | 111.25 ᠲᠣᠨ ᠪᠠᠶᠢᠵᠤ᠂ ᠤᠳᠠᠯ ᠦᠭᠡᠢ ᠸᠢᠶᠧᠲᠨᠠᠮ ᠤᠨ ᠠᠷᠠᠳ ᠲᠦᠮᠡᠨ ᠤ ᠬᠤᠭᠤᠯᠠᠨ ᠰᠢᠷᠡᠭᠡᠨ ᠳᠡᠭᠡᠷ᠎ᠡ ᠭᠠᠷᠴᠤ᠂ | ᠬᠠᠷᠢ ᠤᠯᠤᠰ ᠤᠨ ᠬᠡᠷᠡᠭᠯᠡᠭᠴᠢᠳ ᠲᠤ ︽ᠰᠢᠨ᠎ᠡ ᠵᠢᠯ ᠤᠨ ᠦᠨᠦᠷ ᠠᠮᠲᠠ︾ ᠣᠯᠭᠤᠬᠤ ᠪᠣᠯᠣᠨ᠎ᠠ᠃ | ᠰᠠᠶᠢᠬᠠᠨ ᠪᠣᠭᠤᠮᠲᠠ ᠶᠢᠨ ᠬᠢᠨ ᠲᠤᠰ ᠺᠣᠮᠫᠠᠨᠢ ᠳᠤ ᠪᠦᠬᠦᠯᠢ ᠡᠳᠦᠷ ᠢᠶᠠᠷ ᠪᠣᠯᠵᠣᠵᠤ ᠪᠠᠶᠢᠴᠠᠭᠠᠯᠭᠠᠬᠤ ᠦᠢᠯᠡᠴᠢᠯᠡᠭᠡ | ᠬᠠᠩᠭᠠᠭᠰᠠᠨ ᠪᠥᠭᠡᠳ ᠲᠡᠭᠦᠨ ᠤ ᠪᠣᠭᠤᠮᠲᠠ ᠪᠠᠷ ᠲᠦᠷᠭᠡᠨ ᠥᠩᠭᠡᠷᠡᠬᠦ ᠳᠤ ︽ᠰᠠᠭᠠᠳ ᠦᠭᠡᠢ ᠨᠡᠪᠲᠡᠷᠡᠬᠦ ᠵᠠᠮ︾ | ᠭᠠᠷᠭᠠᠵᠠᠢ᠃ | ᠵᠢᠷᠤᠭ ᠪᠣᠯ ᠰᠠᠶᠢᠬᠠᠨ ᠪᠣᠭᠤᠮᠲᠠ ᠶᠢᠨ ᠠᠵᠢᠯᠲᠠᠳ ᠸᠢᠶᠧᠲᠨᠠᠮ ᠳᠤ ᠭᠠᠷᠭᠠᠬᠤ ᠠᠩᠬᠠᠳᠠᠭᠴᠢ ᠪᠦᠯᠦᠭ ᠤᠨ | ᠣᠨᠴᠠᠯᠢᠭᠲᠤ ᠤᠮᠳᠠᠭᠠᠨ ᠳᠤ ᠪᠠᠶᠢᠴᠠᠭᠠᠯᠲᠠ ᠬᠢᠵᠦ ᠪᠠᠶᠢᠭ᠎ᠠ ᠨᠢ᠃ ᠰᠤᠷᠪᠤᠯᠵᠢᠯᠠᠭᠴᠢ ᠴᠢ ᠰᠢᠶᠣᠣ ᠶᠠᠨ ᠴᠢᠮᠡᠭᠡᠯᠡᠭᠴᠢ ᠸᠠᠩ | ᠢᠦᠢ ᠹᠧᠩ ᠰᠡᠭᠦᠳᠡᠷᠯᠡᠪᠡ |