ᠬᠡᠦᠬᠡᠳ ᠤᠨ ᠰᠡᠳᠬᠢᠯ ᠢ ᠬᠠᠶᠢᠷ᠎ᠠ ᠪᠠᠷ ᠳᠤᠯᠠᠭᠠᠴᠠᠭᠤᠯᠵᠤ ᠴᠠᠭᠠᠰᠤᠨ ᠬᠠᠶᠢᠴᠢᠯᠠᠮᠠᠯ ᠢᠶᠠᠷ ᠴᠠᠭᠠᠨ ᠰᠠᠷ᠎ᠠ ᠶᠢ ᠤᠭᠲᠤᠶ᠎ᠠ
ᠨᠡᠶᠢᠲᠡᠯᠡᠭᠰᠡᠨ ᠴᠠᠭ᠄
2024/1/23
微信图片_20240123093052.jpg
      ᠣᠶᠢᠷ᠎ᠠ ᠳᠤ᠂ ᠬᠤᠲᠠ ᠶᠢᠨ ᠡᠪᠯᠡᠯ ᠤᠨ ᠬᠤᠷᠢᠶ᠎ᠠ ᠶᠡᠭᠡ ᠲᠠᠶᠢᠱᠢ ᠨᠡᠶᠢᠭᠡᠮ ᠲᠣᠭᠤᠷᠢᠭ ᠲᠤ ︽ᠬᠡᠦᠬᠡᠳ ᠤᠨ ᠰᠡᠳᠬᠢᠯ ᠢ ᠬᠠᠶᠢᠷ᠎ᠠ ᠪᠠᠷ ᠳᠤᠯᠠᠭᠠᠴᠠᠭᠤᠯᠵᠤ ᠴᠠᠭᠠᠰᠤᠨ ᠬᠠᠶᠢᠴᠢᠯᠠᠮᠠᠯ ᠢᠶᠠᠷ ᠴᠠᠭᠠᠨ ᠰᠠᠷ᠎ᠠ ᠶᠢ ᠤᠭᠲᠤᠬᠤ︾ ᠨᠠᠰᠤᠨ ᠳᠤ ᠥᠯᠥ ᠭᠦᠷᠦᠭᠰᠡᠳ ᠢ ᠬᠠᠯᠠᠮᠵᠢᠯᠠᠨ ᠬᠠᠶᠢᠷᠠᠯᠠᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠪᠡ᠃      ᠠᠵᠢᠯᠯᠠᠭ᠎ᠠ ᠳᠤᠮᠳᠠ᠂ ᠰᠠᠶᠢᠨ ᠳᠤᠷᠠᠴᠤᠳ ᠬᠢᠯᠪᠠᠷ ᠣᠶᠢᠯᠠᠭᠠᠮᠵᠢᠲᠠᠢ ᠦᠭᠡ ᠶᠠᠷᠢᠶ᠎ᠠ ᠪᠠᠷ ᠪᠣᠳᠠᠰ ᠤᠨ ᠪᠤᠰᠤ ᠰᠣᠶᠣᠯ ᠤᠨ ᠥᠪ ᠪᠣᠯᠬᠤ ︽ᠴᠠᠭᠠᠰᠤᠨ ᠬᠠᠶᠢᠴᠢᠯᠠᠮᠠᠯ︾ ᠤᠨ ᠬᠠᠮᠢᠶ᠎ᠠ ᠪᠦᠬᠦᠢ ᠮᠡᠳᠡᠯᠭᠡ ᠶᠢ ᠭᠦᠨᠵᠡᠭᠡᠢ ᠣᠶᠢᠯᠠᠭᠠᠮᠵᠢᠲᠠᠢ ᠲᠠᠨᠢᠯᠴᠠᠭᠤᠯᠵᠤ᠂ ᠵᠠᠯᠠᠭᠤᠴᠤᠳ ᠪᠠᠭᠠᠴᠤᠳ ᠬᠡᠦᠬᠡᠳ ᠲᠤ ᠴᠠᠭᠠᠰᠤᠨ ᠬᠠᠶᠢᠴᠢᠯᠠᠮᠠᠯ ᠤᠨ ᠤᠷᠠᠯᠢᠭ ᠤᠨ ᠲᠤᠬᠠᠢ ᠠᠩᠬ᠎ᠠ ᠠᠯᠬᠤᠮ ᠤᠨ ᠲᠠᠨᠢᠯᠲᠠ ᠲᠠᠢ ᠪᠣᠯᠭᠠᠵᠠᠢ᠃ ᠳᠠᠷᠠᠭ᠎ᠠ ᠪᠠᠷ ᠨᠢ ᠨᠡᠶᠢᠭᠡᠮ ᠲᠣᠭᠤᠷᠢᠭ ᠤᠨ ᠠᠵᠢᠯᠲᠠᠳ ᠤᠨ ᠴᠠᠭᠠᠰᠤᠨ ᠬᠠᠶᠢᠴᠢᠯᠠᠮᠠᠯ ᠤᠨ ᠦᠵᠡᠭᠦᠯᠦᠯᠭᠡ ᠪᠠᠷ ᠳᠠᠮᠵᠢᠨ ᠬᠡᠦᠬᠡᠳ ᠤᠳ ᠨᠢᠭᠡ ᠨᠢᠭᠡ ᠪᠠᠷ ᠢᠶᠠᠨ ᠲᠤᠷᠰᠢᠵᠤ ᠦᠵᠡᠬᠦ ᠪᠠᠷ ᠶᠠᠭᠠᠷᠠᠯᠳᠤᠨ᠂ ᠵᠢᠵᠢᠭ ᠬᠠᠶᠢᠴᠢ ᠠᠳᠬᠤᠨ ᠬᠥᠳᠡᠯᠦᠯᠴᠡᠪᠡ᠃      ᠰᠤᠷᠪᠤᠯᠵᠢᠯᠠᠭᠴᠢ ᠯᠢᠦᠢ ᠬᠤᠢ ᠱᠧᠩ ᠰᠡᠭᠦᠳᠡᠷᠯᠡᠪᠡ
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ