︵ᠰᠤᠷᠪᠤᠯᠵᠢᠯᠠᠭᠴᠢ ᠶᠦᠨ ᠶᠠᠨ ᠹᠠᠩ︶ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠲᠣᠪᠴᠢᠶ᠎ᠠ ᠠᠴᠠ ᠣᠶᠢᠯᠠᠭᠠᠭᠰᠠᠨ ᠢᠶᠠᠷ᠂ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠶᠢᠨ | ᠲᠥᠯᠥᠭᠡ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ︽ᠢᠲᠡᠭᠡᠮᠵᠢ ᠶᠢᠨ ᠮᠡᠳᠡᠭᠡ ᠵᠠᠩᠭᠢ ᠶᠢᠨ ᠦᠢᠯᠡᠰ ᠤᠨ ᠬᠠᠮᠢᠶᠠᠷᠤᠯᠲᠠ ᠶᠢᠨ ᠳᠦᠷᠢᠮ︾ ᠪᠠ | ︽ᠢᠲᠡᠭᠡᠮᠵᠢ ᠶᠢᠨ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠬᠠᠮᠢᠶ᠎ᠠ ᠪᠦᠬᠦᠢ ᠠᠵᠢᠯ ᠢ ᠰᠠᠶᠢᠲᠤᠷ ᠬᠢᠬᠦ ᠲᠤᠬᠠᠢ ᠣᠷᠣᠨ ᠰᠠᠭᠤᠴᠠ ᠪᠠ ᠬᠤᠲᠠ ᠬᠥᠳᠡᠭᠡ ᠶᠢᠨ | ᠪᠦᠲᠦᠭᠡᠨ ᠪᠠᠶᠢᠭᠤᠯᠤᠯᠲᠠ ᠶᠢᠨ ᠶᠠᠮᠤᠨ ᠤ ᠠᠯᠪᠠᠨ ᠲᠢᠩᠬᠢᠮ ᠤᠨ ᠮᠡᠳᠡᠭᠳᠡᠯ︾ ︵ᠪᠦᠲᠦᠭᠡᠨ ᠪᠠᠶᠢᠭᠤᠯᠤᠯᠲᠠ ᠠᠯᠪᠠᠨ ᠮᠥᠩᠭᠦ ᠵᠠᠬᠢᠳᠠᠯ ﹇2022﹈ 229 | ᠳ᠋ᠦ᠋ᠭᠡᠷ ᠲᠣᠭᠠᠲᠤ︶ ᠵᠡᠷᠭᠡ ᠲᠣᠭᠲᠠᠭᠠᠯ ᠤᠨ ᠱᠠᠭᠠᠷᠳᠠᠯᠭ᠎ᠠ ᠶᠢ ᠦᠨᠳᠦᠰᠦᠯᠡᠨ᠂ ᠳᠤᠮᠳᠠᠳᠤ ᠤᠯᠤᠰ ᠤᠨ ᠠᠷᠠᠳ ᠤᠨ ᠪᠠᠩᠬᠢ ᠪᠠᠷ ᠬᠢᠨᠠᠨ ᠵᠥᠪᠰᠢᠶᠡᠷᠡᠭᠦᠯᠦᠭᠡᠳ᠂ | ᠬᠤᠲᠠ ᠶᠢᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠥᠪ ᠢ 2024 ᠣᠨ ᠤ 2 ᠳ᠋ᠤᠭᠠᠷ ᠰᠠᠷ᠎ᠠ ᠶᠢᠨ 5 ᠤ | ᠡᠳᠦᠷ ᠠᠴᠠ ᠡᠬᠢᠯᠡᠨ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ︽ᠮᠥᠩᠭᠦᠨ ᠭᠦᠢᠯᠭᠡᠭᠡᠨ ᠤ ᠢᠲᠡᠭᠡᠮᠵᠢ ᠶᠢᠨ ᠮᠡᠳᠡᠭᠡ ᠵᠠᠩᠭᠢ ᠶᠢᠨ ᠦᠨᠳᠦᠰᠦᠨ | ᠲᠤᠭ᠎ᠠ ᠪᠠᠷᠢᠮᠲᠠ ᠶᠢᠨ ᠬᠥᠮᠥᠷᠭᠡ︾ ᠳᠤ ᠵᠠᠯᠭᠠᠨ᠂ ᠮᠠᠨ ᠤ ᠬᠤᠲᠠ ᠶᠢᠨ ᠬᠤᠪᠢ ᠬᠥᠮᠥᠨ ᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ | ᠮᠥᠩᠭᠦ ᠵᠢᠭᠡᠯᠡᠭᠴᠢ ᠶᠢᠨ ᠵᠢᠭᠡᠯᠡᠯᠭᠡ ᠶᠢᠨ ᠮᠡᠳᠡᠭᠡ ᠵᠠᠩᠭᠢ ᠵᠢᠴᠢ ᠢᠲᠡᠭᠡᠮᠵᠢ ᠶᠢᠨ ᠮᠡᠳᠡᠭᠡ ᠵᠠᠩᠭᠢ ︵ᠬᠤᠭᠤᠴᠠᠭ᠎ᠠ ᠬᠡᠲᠦᠷᠡᠭᠰᠡᠨ ᠡᠷᠡᠭᠦᠯ ᠪᠤᠰᠤ ᠮᠡᠳᠡᠭᠡ ᠵᠠᠩᠭᠢ | ᠪᠠᠭᠲᠠᠨ᠎ᠠ︶ ᠶᠢ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ︽ᠮᠥᠩᠭᠦᠨ ᠭᠦᠢᠯᠭᠡᠭᠡᠨ ᠤ ᠢᠲᠡᠭᠡᠮᠵᠢ ᠶᠢᠨ ᠮᠡᠳᠡᠭᠡ ᠵᠠᠩᠭᠢ ᠶᠢᠨ ᠦᠨᠳᠦᠰᠦᠨ ᠲᠤᠭ᠎ᠠ | ᠪᠠᠷᠢᠮᠲᠠ ᠶᠢᠨ ᠬᠥᠮᠥᠷᠭᠡ︾ ᠳᠤ ᠮᠡᠳᠡᠭᠦᠯᠵᠦ᠂ ᠬᠤᠯᠪᠣᠭᠳᠠᠯ ᠪᠦᠬᠦᠢ ᠮᠡᠳᠡᠭᠡ ᠵᠠᠩᠭᠢ ᠶᠢ ᠬᠤᠪᠢ ᠬᠥᠮᠥᠨ ᠤ ᠢᠲᠡᠭᠡᠮᠵᠢ ᠶᠢᠨ ᠮᠡᠳᠡᠭᠡ ᠵᠠᠩᠭᠢ ᠶᠢᠨ | ᠮᠡᠳᠡᠭᠦᠯᠦᠯᠲᠡ ᠳᠤ ᠢᠯᠡᠷᠡᠭᠦᠯᠦᠨ᠎ᠡ᠃ | ᠬᠤᠪᠢ ᠬᠥᠮᠥᠨ ᠤ ᠢᠲᠡᠭᠡᠯ ᠢ ᠬᠠᠮᠠᠭᠠᠯᠠᠵᠤ᠂ ᠵᠣᠭᠤᠰ ᠪᠤᠴᠠᠭᠠᠬᠤ ᠬᠤᠭᠤᠴᠠᠭ᠎ᠠ ᠠᠴᠠ ᠬᠡᠲᠦᠷᠡᠭᠡᠳ ᠢᠲᠡᠭᠡᠮᠵᠢ ᠶᠢᠨ ᠮᠠᠭᠤ ᠲᠡᠮᠳᠡᠭᠯᠡᠯ ᠭᠠᠷᠭᠠᠬᠤ | ᠠᠴᠠ ᠵᠠᠶᠢᠯᠠᠰᠬᠢᠬᠦ ᠶᠢᠨ ᠲᠥᠯᠥᠭᠡ᠂ ᠥᠷᠭᠡᠨ ᠣᠯᠠᠨ ᠬᠤᠪᠢ ᠬᠥᠮᠥᠨ ᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠣᠭᠤᠰ | ᠵᠢᠭᠡᠯᠡᠭᠴᠢ ᠳᠤ ᠬᠤᠪᠢ ᠬᠥᠮᠥᠨ ᠤ ᠵᠢᠭᠡᠯᠡᠯᠭᠡ ᠶᠢᠨ ᠵᠣᠭᠤᠰ ᠪᠤᠴᠠᠭᠠᠭᠰᠠᠨ ᠪᠠᠶᠢᠳᠠᠯ ᠢᠶᠠᠨ ᠴᠠᠭ ᠢᠮᠠᠭᠲᠠ ᠠᠩᠬᠠᠷᠴᠤ᠂ ᠲᠥᠯᠥᠬᠦ ᠵᠣᠭᠤᠰ ᠢᠶᠠᠨ ᠴᠠᠭ | ᠲᠤᠬᠠᠢ ᠳᠠᠭᠠᠨ ᠪᠤᠴᠠᠭᠠᠵᠤ᠂ ᠬᠤᠪᠢ ᠬᠥᠮᠥᠨ ᠤ ᠢᠲᠡᠭᠡᠮᠵᠢ ᠶᠢ ᠨᠥᠯᠥᠭᠡᠯᠡᠬᠦ ᠠᠴᠠ ᠵᠠᠶᠢᠯᠠᠰᠬᠢᠬᠦ ᠶᠢ ᠰᠠᠨᠠᠭᠤᠯᠵᠤ ᠪᠠᠶᠢᠨ᠎ᠠ᠃ |