ᠠᠷᠪᠠᠨ ᠨᠢᠭᠡᠳᠦᠭᠡᠷ ᠪᠦᠯᠦᠭ ᠤᠨ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠣᠷᠣᠨ ᠵᠢᠱᠢᠶ᠎ᠡ ᠦᠵᠡᠭᠦᠯᠬᠦ ᠨᠢᠭᠡᠴᠢ ᠶᠢ ᠨᠡᠶᠢᠲᠡᠯᠡᠪᠡ  ᠮᠠᠨ ᠤ ᠬᠤᠲᠠ ᠶᠢᠨ ᠲᠦᠮᠡᠳ ᠵᠡᠭᠦᠨ ᠬᠤᠰᠢᠭᠤ ᠪᠣᠯᠣᠨ ᠴᠢᠩ ᠱᠦᠢ ᠾᠧ ᠰᠢᠶᠠᠨ ᠤ ᠤᠯᠢᠶᠠᠰᠤᠲᠠᠢ ᠰᠢᠶᠠᠩ ᠤᠨ ᠴᠢᠩ ᠳ᠋ᠧᠦ ᠭᠧᠦ ᠲᠣᠰᠬᠤᠨ ᠨᠡᠷᠡᠰ ᠲᠤ ᠲᠣᠳᠣᠷᠠᠪᠠ
ᠨᠡᠶᠢᠲᠡᠯᠡᠭᠰᠡᠨ ᠴᠠᠭ᠄
2024/1/24
      ︵ᠰᠤᠷᠪᠤᠯᠵᠢᠯᠠᠭᠴᠢ ᠯᠢᠦ ᠱᠠ ᠱᠠ︶ 1 ᠳ᠋ᠦ᠋ᠭᠡᠷ ᠰᠠᠷ᠎ᠠ ᠶᠢᠨ 23 ᠤ ᠡᠳᠦᠷ᠂ ᠤᠯᠤᠰ ᠤᠨ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠠᠷᠪᠠᠨ ᠨᠢᠭᠡᠳᠦᠭᠡᠷ ᠪᠦᠯᠦᠭ ᠤᠨ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠣᠷᠣᠨ ᠵᠢᠱᠢᠶ᠎ᠡ ᠦᠵᠡᠭᠦᠯᠬᠦ ᠨᠢᠭᠡᠴᠢ ᠳᠤ ᠫᠠᠶᠢᠰᠠ ᠣᠯᠭᠤᠬᠤ ᠠᠵᠢᠯᠯᠠᠭ᠎ᠠ ᠥᠷᠨᠢᠭᠦᠯᠪᠡ᠃ ᠵᠣᠬᠢᠶᠠᠨ ᠪᠠᠶᠢᠭᠤᠯᠤᠯᠲᠠ ᠠᠴᠠ ᠲᠠᠨᠢᠯᠴᠠᠭᠤᠯᠬᠤ᠂ ᠰᠢᠯᠭᠠᠷᠠᠭᠤᠯᠬᠤ ᠪᠠ ᠢᠯᠡ ᠵᠠᠷᠯᠠᠬᠤ ᠵᠡᠷᠭᠡ ᠵᠠᠩᠭᠢᠯᠠᠭ᠎ᠠ  ᠶᠢ ᠪᠠᠭᠲᠠᠭᠠᠭᠰᠠᠨ ᠰᠢᠯᠭᠠᠷᠠᠭᠤᠯᠤᠯᠲᠠ ᠶᠢᠨ ᠴᠢᠩᠭ᠎ᠠ ᠶᠠᠪᠤᠴᠠ ᠶᠢ ᠥᠩᠭᠡᠷᠡᠭᠡᠭᠡᠳ᠂ ᠡᠴᠦᠰ ᠲᠡᠭᠡᠨ 248 ᠭᠠᠵᠠᠷ ᠣᠷᠣᠨ ᠪᠣᠯᠣᠨ ᠨᠢᠭᠡᠴᠢ ᠶᠢ ᠠᠷᠪᠠᠨ ᠨᠢᠭᠡᠳᠦᠭᠡᠷ ᠪᠦᠯᠦᠭ ᠤᠨ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠣᠷᠣᠨ ᠵᠢᠱᠢᠶ᠎ᠡ ᠦᠵᠡᠭᠦᠯᠬᠦ ᠨᠢᠭᠡᠴᠢ ᠪᠠᠷ ᠨᠡᠷᠡᠶᠢᠳᠴᠦ᠂ ᠮᠠᠨ ᠤ ᠬᠤᠲᠠ ᠶᠢᠨ ᠲᠦᠮᠡᠳ ᠵᠡᠭᠦᠨ ᠬᠤᠰᠢᠭᠤ᠂ ᠴᠢᠩ ᠱᠦᠢ ᠾᠧ ᠰᠢᠶᠠᠨ ᠤ ᠤᠯᠢᠶᠠᠰᠤᠲᠠᠢ ᠰᠢᠶᠠᠩ ᠤᠨ ᠴᠢᠩ ᠳ᠋ᠧᠦ ᠭᠧᠦ ᠲᠣᠰᠬᠤᠨ ᠨᠡᠷᠡᠰ ᠲᠤ ᠲᠣᠳᠣᠷᠠᠪᠠ᠃      ᠣᠶᠢᠯᠠᠭᠠᠭᠰᠠᠨ ᠢᠶᠠᠷ᠂ ᠲᠣᠰ ᠤᠳᠠᠭᠠᠨ ᠤ ᠰᠢᠯᠭᠠᠷᠠᠭᠤᠯᠬᠤ ᠠᠵᠢᠯ 2023 ᠣᠨ ᠤ 3 ᠳ᠋ᠤᠭᠠᠷ ᠰᠠᠷ᠎ᠠ ᠳᠤ ᠡᠬᠢᠯᠡᠭᠰᠡᠨ ᠠᠴᠠ ᠨᠠᠭᠠᠰᠢ᠂ ᠪᠥᠬᠦ ᠤᠯᠤᠰ ᠤᠨ ᠡᠯ᠎ᠡ ᠭᠠᠵᠠᠷ ᠤᠨ ᠦᠢ ᠣᠯᠠᠨ ᠰᠢᠯᠢᠳᠡᠭ ᠭᠠᠵᠠᠷ ᠣᠷᠣᠨ ᠪᠠ ᠨᠢᠭᠡᠴᠢ ᠶᠢᠨ ᠠᠩᠬᠠᠷᠤᠯ ᠢ ᠲᠠᠲᠠᠵᠤ᠂ ᠬᠠᠮᠤᠭ ᠡᠴᠦᠰ ᠲᠤ ᠲᠣᠭᠲᠠᠭᠠᠭᠰᠠᠨ 248 ᠵᠢᠱᠢᠶ᠎ᠡ ᠦᠵᠡᠭᠦᠯᠬᠦ ᠣᠷᠣᠨ ᠵᠢᠱᠢᠶ᠎ᠡ ᠦᠵᠡᠭᠦᠯᠬᠦ ᠨᠢᠭᠡᠴᠢ ᠶᠢᠨ ᠨᠡᠷᠡᠰ ᠨᠢ ᠡᠯ᠎ᠡ ᠦᠨᠳᠦᠰᠦᠲᠡᠨ ᠤ ᠭᠠᠵᠠᠷ ᠣᠷᠣᠨ ᠢ ᠬᠠᠮᠤᠷᠴᠤ᠂ ᠥᠷᠭᠡᠨ ᠳᠡᠯᠭᠡᠷ ᠲᠥᠯᠥᠭᠡᠯᠡᠬᠦ ᠴᠢᠨᠠᠷ ᠪᠠ ᠨᠥᠯᠥᠭᠡᠯᠡᠬᠦ ᠬᠦᠴᠦᠨ ᠲᠠᠢ ᠪᠣᠯᠤᠭᠰᠠᠨ ᠪᠠᠶᠢᠨ᠎ᠠ᠃      ᠲᠦᠮᠡᠳ ᠵᠡᠭᠦᠨ ᠬᠤᠰᠢᠭᠤ ᠪᠣᠯᠣᠨ ᠴᠢᠩ ᠱᠦᠢ ᠡᡁᠸ ᠰᠢᠶᠠᠨ ᠤ ᠤᠯᠢᠶᠠᠰᠤᠲᠠᠢ ᠰᠢᠶᠠᠩ ᠤᠨ ᠴᠢᠩ ᠳ᠋ᠧᠦ ᠭᠧᠦ ᠲᠣᠰᠬᠤᠨ ᠤ ᠬᠢᠨ ᠶᠡᠷᠦ ᠠᠴᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠡᠯ᠎ᠡ ᠵᠦᠢᠯ ᠤᠨ ᠠᠵᠢᠯ ᠤᠨ ᠭᠤᠣᠯ ᠰᠢᠵᠢᠮ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠢ ᠦᠷᠭᠦᠯᠵᠢᠯᠡᠨ ᠭᠦᠨᠵᠡᠭᠡᠢ ᠨᠠᠷᠢᠯᠢᠭ ᠪᠣᠳᠠᠲᠠᠢ ᠬᠢᠵᠦ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠦᠢᠯᠡᠰ ᠢ ᠪᠦᠬᠦ ᠲᠠᠯ᠎ᠠ ᠪᠠᠷ ᠠᠬᠢᠭᠤᠯᠤᠭᠠᠳ ᠢᠯᠡᠳᠲᠡ ᠠᠮᠵᠢᠯᠲᠠ ᠣᠯᠵᠠᠢ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ