2024 ᠣᠨ ᠤ ︽ᠲᠠᠪᠤᠨ ᠲᠦᠮᠡᠨ ᠣᠶᠤᠲᠠᠨ ᠢ ᠬᠥᠬᠡᠬᠤᠲᠠ ᠳᠤ ᠦᠯᠡᠳᠡᠭᠡᠬᠦ︾ ᠲᠤᠰᠬᠠᠢ ᠠᠵᠢᠯᠯᠠᠭ᠎ᠠ ᠶᠢᠨ ᠬᠡᠷᠡᠭᠵᠢᠭᠦᠯᠬᠦ ᠲᠥᠰᠥᠯ ᠢ ᠳᠠᠷᠤᠮᠠᠯᠯᠠᠨ ᠶᠠᠪᠤᠭᠤᠯᠬᠤ ᠲᠤᠬᠠᠢ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2024/1/25
      ᠬᠥᠬᠡᠬᠤᠲᠠ ᠵᠠᠰᠠᠭ ᠲᠠᠷᠬᠠᠭᠠᠭᠰᠠᠨ ﹇2024﹈ 1 ᠳ᠋ᠦ᠋ᠭᠡᠷ ᠲᠣᠭᠠᠲᠤᠡᠯ᠎ᠡ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠬᠤᠷᠢᠨᠭᠡᠷ ᠰᠢᠨ᠎ᠡ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠡᠯ᠎ᠡ ᠵᠥᠪᠯᠡᠯ᠂ ᠠᠯᠪᠠᠨ ᠭᠡᠷ᠂ ᠲᠣᠪᠴᠢᠶ᠎ᠠ ᠳᠤ᠄      ᠡᠳᠦᠭᠡ ︽2024 ᠣᠨ ᠤ ︿ᠲᠠᠪᠤᠨ ᠲᠦᠮᠡᠨ ᠣᠶᠤᠲᠠᠨ ᠢ ᠬᠥᠬᠡᠬᠤᠲᠠ ᠳᠤ ᠦᠯᠡᠳᠡᠭᠡᠬᠦ﹀ ᠲᠤᠰᠬᠠᠢ ᠠᠵᠢᠯᠯᠠᠭ᠎ᠠ ᠶᠢᠨ ᠬᠡᠷᠡᠭᠵᠢᠭᠦᠯᠬᠦ ᠲᠥᠰᠥᠯ︾ ᠢ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠰᠠᠶᠢᠲᠤᠷ ᠠᠳᠬᠤᠵᠤ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠢ᠃               ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ               2024 ᠣᠨ ᠤ 1 ᠳ᠋ᠦ᠋ᠭᠡᠷ ᠰᠠᠷ᠎ᠠ ᠶᠢᠨ 2 ᠤᠨ ᠡᠳᠦᠷ               ︵ᠲᠣᠰ ᠮᠠᠲ᠋ᠧᠷᠢᠶᠠᠯ ᠢ ᠢᠯᠡ ᠨᠡᠶᠢᠲᠡᠯᠡᠨ᠎ᠡ︶      2024 ᠣᠨ ᠤ ︽ᠲᠠᠪᠤᠨ ᠲᠦᠮᠡᠨ ᠣᠶᠤᠲᠠᠨ ᠢ ᠬᠥᠬᠡᠬᠤᠲᠠ ᠳᠤ ᠦᠯᠡᠳᠡᠭᠡᠬᠦ︾ ᠲᠤᠰᠬᠠᠢ ᠠᠵᠢᠯᠯᠠᠭ᠎ᠠ ᠶᠢᠨ ᠬᠡᠷᠡᠭᠵᠢᠭᠦᠯᠬᠦ ᠲᠥᠰᠥᠯ           ᠣᠷᠣᠨ ᠤ ᠲᠥᠪ ᠬᠤᠲᠠ ᠶᠢᠨ ᠬᠥᠮᠥᠨ ᠠᠮᠠ ᠶᠢᠨ ᠳᠡᠰ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠣᠷᠣᠨ ᠤ ᠲᠥᠪ ᠬᠤᠲᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠨᠡᠮᠡᠭᠳᠡᠭᠦᠯᠬᠦ ᠶᠢᠨ ᠲᠥᠯᠥᠭᠡ᠂ ︽ᠬᠥᠬᠡᠬᠤᠲᠠ ᠶᠢᠨ ︿ᠦᠢᠯᠡᠰ ᠪᠣᠰᠬᠠᠬᠤ ᠳᠤ ᠲᠣᠬᠢᠷᠠᠮᠵᠢᠲᠠᠢ﹀ ᠬᠤᠲᠠ ᠶᠢ ᠪᠦᠲᠦᠭᠡᠨ ᠪᠠᠶᠢᠭᠤᠯᠬᠤ ᠭᠤᠷᠪᠠᠨ ᠵᠢᠯ ᠤᠨ ᠠᠵᠢᠯᠯᠠᠭᠠᠨ ᠤ ᠲᠥᠰᠥᠯ︾ ︽ᠬᠥᠬᠡᠬᠤᠲᠠ ᠶᠢᠨ ᠴᠢᠳᠠᠪᠤᠷᠢᠲᠠᠨ ᠢ ᠲᠠᠲᠠᠬᠤ 10 ᠵᠣᠷᠪᠣᠰ ᠲᠥᠷᠥ ᠶᠢᠨ ᠪᠣᠳᠣᠯᠭ᠎ᠠ ᠶᠢᠨ ᠠᠵᠢᠯ ᠣᠯᠵᠤ ᠦᠢᠯᠡᠰ ᠪᠣᠰᠬᠠᠬᠤ ᠶᠢ ᠳᠡᠮᠵᠢᠬᠦ ᠢᠵᠢ ᠪᠦᠷᠢᠳᠦᠭᠦᠯᠬᠦ ᠬᠡᠷᠡᠭᠵᠢᠭᠦᠯᠬᠦ ᠠᠷᠭ᠎ᠠ ︵ᠲᠤᠷᠰᠢᠨ ᠬᠡᠷᠡᠭᠵᠢᠭᠦᠯᠬᠦ︶ ᠶᠢ ᠳᠠᠷᠤᠮᠠᠯᠯᠠᠨ ᠶᠠᠪᠤᠭᠤᠯᠬᠤ ᠲᠤᠬᠠᠢ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠬᠥᠬᠡᠬᠤᠲᠠ ᠵᠠᠰᠠᠭ ᠲᠠᠷᠬᠠᠭᠠᠭᠰᠠᠨ ﹇2022﹈ 26 ᠳ᠋ᠤᠭᠠᠷ ᠲᠣᠭᠠᠲᠤ︶᠂ ︽ᠬᠥᠬᠡᠬᠤᠲᠠ ᠶᠢᠨ ᠬᠥᠮᠥᠨ ᠢ ᠲᠠᠲᠠᠵᠤ ᠬᠥᠮᠥᠨ ᠢ ᠦᠯᠡᠳᠡᠭᠡᠬᠦ 18 ᠵᠤᠷᠪᠤᠰ ᠠᠷᠭ᠎ᠠ ᠬᠡᠮᠵᠢᠶ᠎ᠡ ᠶᠢ ᠳᠠᠷᠤᠮᠠᠯᠯᠠᠨ ᠶᠠᠪᠤᠭᠤᠯᠬᠤ ᠲᠤᠬᠠᠢ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠬᠥᠬᠡᠬᠤᠲᠠ ᠵᠠᠰᠠᠭ ᠲᠠᠷᠬᠠᠭᠠᠭᠰᠠᠨ ﹇2023﹈ 24 ᠳ᠋ᠦ᠋ᠭᠡᠷ ᠲᠣᠭᠠᠲᠤ︶ ᠤᠨ ᠵᠣᠷᠢᠭ ᠰᠠᠨᠠᠭ᠎ᠠ ᠲᠠᠢ ᠤᠶᠠᠯᠳᠤᠭᠤᠯᠤᠨ᠂ ᠲᠣᠰ ᠠᠵᠢᠯᠯᠠᠭᠠᠨ ᠤ ᠲᠥᠰᠥᠯ ᠢ ᠲᠣᠭᠲᠠᠭᠠᠪᠠ᠃      ᠨᠢᠭᠡ᠂ ᠡᠭᠦᠷᠭᠡ ᠬᠠᠷᠠᠯᠲᠠ      ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ︽ᠲᠠᠪᠤᠨ ᠲᠣᠬᠢᠷᠠᠮᠵᠢᠲᠠᠢ ᠬᠤᠲᠠ︾ ᠶᠢ ᠪᠦᠲᠦᠭᠡᠨ ᠪᠠᠶᠢᠭᠤᠯᠬᠤ᠂ ᠣᠳᠣᠬᠢᠴᠢᠯᠠᠭᠰᠠᠨ ᠣᠷᠣᠨ ᠪᠦᠰᠡ ᠶᠢᠨ ᠲᠥᠪ ᠬᠤᠲᠠ ᠶᠢ ᠪᠦᠲᠦᠭᠡᠨ ᠪᠠᠶᠢᠭᠤᠯᠬᠤ ᠬᠠᠷᠠᠯᠲᠠ ᠶᠢᠨ ᠲᠣᠭᠤᠷᠢᠨ ᠳᠤ᠂ ᠵᠢᠷᠭᠤᠭᠠᠨ ᠶᠡᠭᠡ ᠠᠵᠤ ᠦᠢᠯᠡᠰ ᠤᠨ ᠪᠥᠭᠡᠮᠨᠡᠷᠡᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠢᠯ ᠣᠯᠭᠤᠯᠲᠠ ᠨᠢ ᠠᠵᠤ ᠦᠢᠯᠡᠰ ᠢ ᠳᠠᠭᠠᠬᠤ᠂ ᠠᠵᠤ ᠦᠢᠯᠡᠰ ᠨᠢ ᠵᠠᠬ᠎ᠠ ᠳᠡᠯᠭᠡᠭᠦᠷ ᠢ ᠳᠠᠭᠠᠬᠤ ᠶᠢ ᠪᠠᠷᠢᠮᠲᠠᠯᠠᠨ᠂ ᠠᠵᠤ ᠦᠢᠯᠡᠰ ᠤᠨ ᠠᠵᠢᠯ ᠤᠨ ᠪᠠᠶᠢᠷᠢ ᠶᠢ ᠥᠷᠭᠡᠳᠬᠡᠬᠦ᠂ ᠠᠵᠢᠯ ᠣᠯᠭᠤᠯᠲᠠ ᠪᠠᠷ ᠠᠵᠤ ᠠᠬᠤᠶᠢᠯᠠᠯ ᠢ ᠲᠤᠰᠠᠯᠠᠬᠤ ᠵᠡᠷᠭᠡ ᠨᠠᠢᠮᠠᠨ ᠵᠦᠢᠯ ᠤᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠪᠥᠬᠦ ᠵᠢᠯ ᠳᠤ 5 ᠲᠦᠮᠡᠨ ᠬᠥᠮᠥᠨ ᠢ ᠪᠠᠲᠤᠯᠠᠨ᠂ 6 ᠲᠦᠮᠡᠨ ᠣᠶᠤᠲᠠᠨ ᠢ ᠬᠥᠬᠡᠬᠤᠲᠠ ᠳᠤ ᠢᠷᠡᠵᠦ᠂ ᠬᠥᠬᠡᠬᠤᠲᠠ ᠳᠠᠭᠠᠨ ᠪᠤᠴᠠᠵᠤ᠂ ᠬᠥᠬᠡᠬᠤᠲᠠ ᠳᠤ ᠦᠯᠡᠳᠡᠵᠦ ᠠᠵᠢᠯ ᠣᠯᠵᠤ ᠠᠳᠠᠯ ᠦᠢᠯᠡᠰ ᠴᠣᠭᠴᠠᠯᠠᠬᠤ ᠶᠢ ᠪᠡᠶᠡᠯᠡᠭᠦᠯᠬᠦ ᠪᠠᠷ ᠴᠢᠷᠮᠠᠶᠢᠨ᠎ᠠ᠃      ᠬᠤᠶᠠᠷ᠂ ᠭᠤᠣᠯ ᠠᠷᠭ᠎ᠠ ᠬᠡᠮᠵᠢᠶ᠎ᠡ      ︵ᠨᠢᠭᠡ︶ ︽ᠠᠵᠤ ᠦᠢᠯᠡᠰ ᠤᠨ ᠠᠵᠢᠯ ᠤᠨ ᠪᠠᠶᠢᠷᠢ ᠶᠢ ᠥᠷᠭᠡᠳᠬᠡᠬᠦ ᠠᠵᠢᠯᠯᠠᠭ᠎ᠠ︾ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ      1. ᠦᠢᠯᠡᠳᠬᠦ ᠦᠢᠯᠡᠰ ᠢ ᠬᠥᠭᠵᠢᠭᠦᠯᠵᠦ ᠠᠵᠢᠯ ᠤᠨ ᠪᠠᠶᠢᠷᠢ ᠶᠢ ᠥᠷᠭᠡᠳᠬᠡᠨ᠎ᠡ᠃ ᠲᠡᠷᠢᠭᠦᠨ ᠤ ᠦᠢᠯᠡᠳᠬᠦ ᠦᠢᠯᠡᠰ ᠤᠨ ᠪᠥᠭᠡᠮᠨᠡᠷᠡᠯ ᠢ ᠶᠡᠬᠡᠪᠡᠷ ᠬᠥᠭᠵᠢᠭᠦᠯᠵᠦ᠂ ᠤᠯᠠᠮᠵᠢᠯᠠᠯᠲᠤ ᠠᠵᠤ ᠦᠢᠯᠡᠰ ᠢ ᠥᠭᠡᠷᠡᠴᠢᠯᠡᠨ ᠲᠠᠰ ᠳᠡᠪᠰᠢᠭᠦᠯᠬᠦ ᠪᠠ ᠰᠢᠨ᠎ᠡ ᠪᠠᠷ ᠪᠣᠶ ᠪᠣᠯᠤᠭᠰᠠᠨ ᠠᠵᠤ ᠦᠢᠯᠡᠰ ᠢ ᠨᠢᠭᠡᠳᠦᠯᠲᠡᠢ ᠲᠥᠯᠥᠪᠯᠡᠨ ᠪᠣᠶᠢᠵᠢᠭᠤᠯᠤᠨ ᠪᠤᠵᠠᠭᠠᠶᠢᠷᠠᠭᠤᠯᠵᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠡᠷᠴᠢᠮ ᠢ ᠴᠢᠩᠭᠠᠷᠠᠭᠤᠯᠤᠨ᠂ ᠡᠯ᠎ᠡ ᠵᠦᠢᠯ ᠤᠨ ᠢᠵᠢ ᠪᠦᠷᠢᠳᠦᠭᠦᠯᠦᠭᠰᠡᠨ ᠲᠡᠳᠬᠦᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ 2024 ᠣᠨ ᠳᠤ 70 ᠠᠴᠠ ᠳᠡᠭᠡᠭᠰᠢ ᠦᠢᠯᠡᠳᠬᠦ ᠦᠢᠯᠡᠰ ᠤᠨ ᠲᠥᠷᠥᠯ ᠵᠦᠢᠯ ᠢ ᠲᠠᠲᠠᠨ ᠪᠡᠯᠡ ᠣᠷᠣᠭᠤᠯᠵᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠢ 40 ᠰᠢᠨ᠎ᠡ ᠪᠠᠷ ᠨᠡᠮᠡᠭᠳᠡᠭᠦᠯᠦᠨ᠂ 10 ᠬᠥᠲᠥᠴᠢ ᠠᠵᠤ ᠠᠬᠤᠶᠢᠯᠠᠯ ᠢ ᠪᠣᠶᠢᠵᠢᠭᠤᠯᠤᠨ ᠪᠤᠢ ᠪᠣᠯᠭᠠᠨ᠎ᠠ᠃ ︽ᠵᠢᠷᠭᠤᠭᠠᠨ ᠶᠡᠭᠡ ᠠᠵᠤ ᠦᠢᠯᠡᠰ ᠤᠨ ᠪᠥᠭᠡᠮᠨᠡᠷᠡᠯ︾ ᠤᠨ ᠬᠡᠯᠬᠢᠶᠡᠨ ᠤ ᠭᠤᠣᠯ ᠠᠵᠤ ᠠᠬᠤᠶᠢᠯᠠᠯ ᠤᠨ ᠴᠢᠳᠠᠪᠤᠷᠢ ᠪᠠᠨ ᠳᠡᠭᠡᠭᠰᠢᠯᠡᠭᠦᠯᠦᠨ ᠠᠵᠢᠯ ᠤᠨ ᠪᠠᠶᠢᠷᠢ ᠪᠠᠨ ᠥᠷᠭᠡᠳᠬᠡᠬᠦ ᠶᠢ ᠵᠣᠷᠢᠭᠵᠢᠭᠤᠯᠵᠤ᠂ 1.5 ᠲᠦᠮᠡ ᠠᠴᠠ ᠳᠡᠭᠡᠭᠰᠢ ᠬᠥᠮᠥᠨ ᠳᠤ ᠠᠵᠢᠯ ᠣᠯᠭᠤᠬᠤ ᠶᠢ ᠳᠠᠶᠢᠴᠢᠯᠠᠨ᠎ᠠ᠃ ︵ᠲᠦᠷᠦᠭᠦᠯᠡᠨ ᠬᠢᠬᠦ ᠨᠢᠭᠡᠴᠢ᠄ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ︔ ᠬᠠᠷᠢᠭᠤᠴᠠᠯᠭᠠᠲᠤ ᠨᠢᠭᠡᠴᠢ᠄ ᠬᠤᠲᠠ ᠶᠢᠨ ᠠᠵᠤ ᠦᠢᠯᠡᠳᠪᠦᠷᠢ ᠮᠡᠳᠡᠭᠡ ᠵᠠᠩᠭᠢᠴᠢᠯᠠᠯᠲᠠ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠣᠷᠣᠨ ᠪᠦᠰᠡ ᠶᠢᠨ ᠠᠵᠤ ᠠᠬᠤᠢ ᠶᠢᠨ ᠬᠠᠮᠲᠤᠷᠠᠯᠴᠠᠭᠠᠨ ᠤ ᠲᠣᠪᠴᠢᠶ᠎ᠠ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ︶      2. ︽ᠲᠤᠰᠬᠠᠢ ᠨᠠᠷᠢᠯᠢᠭ ᠣᠨᠴᠠ ᠰᠢᠨ᠎ᠡ︾ ᠠᠵᠤ ᠠᠬᠤᠶᠢᠯᠠᠯ ᠢ ᠪᠣᠶᠢᠵᠢᠭᠤᠯᠵᠤ ᠠᠵᠢᠯ ᠤᠨ ᠪᠠᠶᠢᠷᠢ ᠶᠢ ᠥᠷᠭᠡᠳᠬᠡᠨ᠎ᠡ᠃ ︽ᠵᠠᠰᠠᠭ ᠰᠤᠷᠭᠠᠭᠤᠯᠢ ᠠᠵᠤ ᠠᠬᠤᠶᠢᠯᠠᠯ︾ ᠤᠨ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠬᠤᠯᠪᠣᠭ᠎ᠠ ᠶᠢᠨ ᠢᠳᠡᠪᠬᠢ ᠦᠢᠯᠡᠳᠦᠯ ᠢ ᠪᠠᠳᠠᠷᠠᠭᠤᠯᠵᠤ᠂ ᠠᠵᠤ ᠠᠬᠤᠶᠢᠯᠠᠯ ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢ ᠵᠣᠯᠭᠠᠭᠤᠯᠤᠨ ᠰᠣᠯᠢᠯᠴᠠᠬᠤ ᠲᠠᠪᠴᠠᠩ ᠢ ᠪᠠᠶᠢᠭᠤᠯᠵᠤ᠂ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢᠨ ᠦᠷ᠎ᠡ ᠪᠦᠲᠦᠭᠡᠯ ᠢ ᠤᠯᠠᠷᠢᠭᠤᠯᠬᠤ ᠶᠢ ᠠᠬᠢᠭᠤᠯᠤᠨ᠎ᠠ᠃ ︽ᠲᠤᠰᠬᠠᠢ ᠨᠠᠷᠢᠯᠢᠭ ᠣᠨᠴᠠ ᠰᠢᠨ᠎ᠡ︾ ᠠᠵᠤ ᠠᠬᠤᠶᠢᠯᠠᠯ ᠢ ᠶᠡᠬᠡᠪᠡᠷ ᠪᠣᠶᠢᠵᠢᠭᠤᠯᠵᠤ᠂ ᠦᠢᠯᠡᠴᠢᠯᠡᠭᠡ ᠶᠢ ᠪᠥᠬᠦ ᠲᠠᠯ᠎ᠠ ᠪᠠᠷ ᠰᠢᠯᠢᠳᠡᠭᠵᠢᠭᠦᠯᠦᠨ᠂ ᠰᠢᠨ᠎ᠡ ᠪᠠᠷ ᠵᠥᠪᠰᠢᠶᠡᠷᠡᠭᠳᠡᠭᠰᠡᠨ ᠤᠯᠤᠰ ᠤᠨ ᠲᠠᠰ ᠤᠨ ᠲᠤᠰᠬᠠᠢ ᠨᠠᠷᠢᠯᠢᠭ ᠣᠨᠴᠠ ᠰᠢᠨ᠎ᠡ ︽ᠵᠢᠵᠢᠭ ᠠᠪᠤᠷᠭᠤ ᠬᠥᠮᠥᠨ︾ ᠠᠵᠤ ᠠᠬᠤᠶᠢᠯᠠᠯ᠂ ᠥᠪᠡᠷᠲᠡᠭᠡᠨ ᠵᠠᠰᠠᠬᠤ ᠣᠷᠣᠨ ᠤ ᠲᠠᠰ ᠤᠨ ︽ᠲᠤᠰᠬᠠᠢ ᠨᠠᠷᠢᠯᠢᠭ ᠣᠨᠴᠠ ᠰᠢᠨ᠎ᠡ︾ ᠳᠤᠮᠳᠠ ᠵᠢᠵᠢᠭ ᠠᠵᠤ ᠠᠬᠤᠶᠢᠯᠠᠯ᠂ ︽ᠰᠢᠨ᠎ᠡ ᠶᠢ ᠡᠭᠦᠳᠬᠦ ᠬᠡᠯᠪᠡᠷᠢ︾ ᠶᠢᠨ ᠳᠤᠮᠳᠠ ᠵᠢᠵᠢᠭ ᠠᠵᠤ ᠠᠬᠤᠶᠢᠯᠠᠯ ᠳᠤ ᠲᠣᠭᠲᠠᠭᠠᠯ ᠶᠣᠰᠣᠭᠠᠷ ᠨᠢᠭᠡ ᠤᠳᠠᠭ᠎ᠠ ᠶᠢᠨ ᠴᠢᠨᠠᠷᠲᠠᠢ ᠱᠠᠩᠨᠠᠯ ᠣᠯᠭᠤᠨ᠎ᠠ᠃ 2024 ᠣᠨ ᠳᠤ ︽ᠲᠤᠰᠬᠠᠢ ᠨᠠᠷᠢᠯᠢᠭ ᠣᠨᠴᠠ ᠰᠢᠨ᠎ᠡ︾ ᠠᠵᠤ ᠠᠬᠤᠶᠢᠯᠠᠯ ᠪᠠ ︽ᠰᠢᠨ᠎ᠡ ᠶᠢ ᠡᠭᠦᠳᠬᠦ ᠬᠡᠯᠪᠡᠷᠢ︾ ᠶᠢᠨ ᠳᠤᠮᠳᠠ ᠵᠢᠵᠢᠭ ᠠᠵᠤ ᠠᠬᠤᠶᠢᠯᠠᠯ ᠢ 40 ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠵᠦ᠂ 3000 ᠠᠴᠠ ᠳᠡᠭᠡᠭᠰᠢ ᠬᠥᠮᠥᠨ ᠳᠤ ᠠᠵᠢᠯ ᠣᠯᠭᠤᠬᠤ ᠶᠢ ᠳᠠᠶᠢᠴᠢᠯᠠᠨ᠎ᠠ᠃ ︵ᠲᠦᠷᠦᠭᠦᠯᠡᠨ ᠬᠢᠬᠦ ᠨᠢᠭᠡᠴᠢ᠄ ᠬᠤᠲᠠ ᠶᠢᠨ ᠠᠵᠤ ᠦᠢᠯᠡᠳᠪᠦᠷᠢ ᠮᠡᠳᠡᠭᠡ ᠵᠠᠩᠭᠢᠴᠢᠯᠠᠯᠲᠠ ᠶᠢᠨ ᠲᠣᠪᠴᠢᠶ᠎ᠠ︔ ᠬᠠᠷᠢᠭᠤᠴᠠᠯᠭᠠᠲᠤ ᠨᠢᠭᠡᠴᠢ᠄ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠣᠷᠣᠨ ᠪᠦᠰᠡ ᠶᠢᠨ ᠠᠵᠤ ᠠᠬᠤᠢ ᠶᠢᠨ ᠬᠠᠮᠲᠤᠷᠠᠯᠴᠠᠭᠠᠨ ᠤ ᠲᠣᠪᠴᠢᠶ᠎ᠠ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ︶      3. ᠦᠢᠯᠡᠴᠢᠯᠡᠭᠡᠨ ᠤ ᠦᠢᠯᠡᠰ ᠪᠠ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠬᠥᠭᠵᠢᠭᠦᠯᠵᠦ ᠠᠵᠢᠯ ᠤᠨ ᠪᠠᠶᠢᠷᠢ ᠶᠢ ᠥᠷᠭᠡᠳᠬᠡᠨ᠎ᠡ᠃ 2024 ᠣᠨ ᠳᠤ 30 ᠠᠴᠠ ᠳᠡᠭᠡᠭᠰᠢ ᠦᠢᠯᠡᠴᠢᠯᠡᠭᠡᠨ ᠤ ᠦᠢᠯᠡᠰ ᠤᠨ ᠴᠢᠬᠤᠯᠠ ᠶᠡᠭᠡ ᠲᠥᠷᠥᠯ ᠵᠦᠢᠯ ᠢ ᠪᠠᠶᠢᠭᠤᠯᠵᠤ᠂ ᠲᠠᠪᠴᠠᠩ ᠤᠨ ᠠᠵᠤ ᠠᠬᠤᠢ ᠶᠢ ᠲᠡᠮᠵᠢᠨ ᠬᠥᠭᠵᠢᠭᠦᠯᠵᠦ᠂ ᠢᠨᠲ᠋ᠧᠷ ᠰᠦᠯᠵᠢᠶᠡᠨ ᠤ ᠰᠦᠯᠵᠢᠶᠡᠨ ᠤ ᠰᠢᠭᠤᠳ ᠨᠡᠪᠲᠡᠷᠡᠭᠦᠯᠭᠡ᠂ ᠡᠯᠧᠺᠲᠷᠣᠨ ᠬᠤᠳᠠᠯᠳᠤᠭᠠᠨ ᠤ ᠶᠠᠪᠤᠳᠠᠯ᠂ ᠲᠦᠷᠭᠡᠨ ᠬᠦᠷᠭᠡᠯᠲᠡ ᠡᠳ᠋ ᠪᠠᠷᠠᠭᠠᠨ ᠤ ᠭᠦᠢᠯᠭᠡᠭᠡ ᠵᠡᠷᠭᠡ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠠᠵᠢᠯ ᠣᠯᠭᠤᠯᠲᠠ ᠶᠢᠨ ᠣᠷᠣᠨ ᠵᠠᠢ ᠶᠢ ᠥᠷᠭᠡᠳᠬᠡᠨ᠎ᠡ᠃ ᠵᠢᠯ ᠤᠨ ᠳᠣᠲᠣᠷ᠎ᠠ 3 ᠲᠦᠮᠡ ᠠᠴᠠ ᠳᠡᠭᠡᠭᠰᠢ ᠬᠥᠮᠥᠨ ᠳᠤ ᠠᠵᠢᠯ ᠣᠯᠭᠤᠬᠤ ᠶᠢ ᠳᠠᠶᠢᠴᠢᠯᠠᠨ᠎ᠠ᠃ ︵ᠲᠦᠷᠦᠭᠦᠯᠡᠨ ᠬᠢᠬᠦ ᠨᠢᠭᠡᠴᠢ᠄ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ︔ ᠬᠠᠷᠢᠭᠤᠴᠠᠯᠭᠠᠲᠤ ᠨᠢᠭᠡᠴᠢ᠄ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠰᠢᠤᠳᠠᠨ ᠤ ᠬᠠᠮᠢᠶᠠᠷᠤᠯᠲᠠ ᠶᠢᠨ ᠲᠣᠪᠴᠢᠶ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠣᠷᠣᠨ ᠪᠦᠰᠡ ᠶᠢᠨ ᠠᠵᠤ ᠠᠬᠤᠢ ᠶᠢᠨ ᠬᠠᠮᠲᠤᠷᠠᠯᠴᠠᠭᠠᠨ ᠤ ᠲᠣᠪᠴᠢᠶ᠎ᠠ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ︶      ︵ᠬᠤᠶᠠᠷ︶ ︽ᠠᠵᠢᠯ ᠣᠯᠭᠤᠯᠲᠠ ᠪᠠᠷ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ︾ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ      4. ︽ᠠᠵᠤ ᠠᠬᠤᠶᠢᠯᠠᠯ ᠢ ᠰᠤᠷᠪᠤᠯᠵᠢᠯᠠᠵᠤ ᠠᠵᠢᠯ ᠤᠨ ᠪᠠᠶᠢᠷᠢ ᠡᠷᠢᠬᠦ︾ ᠦᠢᠯᠡᠴᠢᠯᠡᠭᠡ ᠶᠢ ᠬᠡᠷᠡᠭᠵᠢᠭᠦᠯᠦᠨ᠎ᠡ᠃ ᠬᠡᠪᠰᠢᠭᠰᠡᠨ ᠦᠢᠯᠡᠴᠢᠯᠡᠭᠡᠨ ᠤ ᠲᠣᠭᠲᠠᠴᠠ ᠶᠢ ᠪᠠᠶᠢᠭᠤᠯᠤᠨ᠎ᠠ᠃ ᠵᠢᠷᠭᠤᠭᠠᠨ ᠶᠡᠭᠡ ᠠᠵᠤ ᠦᠢᠯᠡᠰ ᠤᠨ ᠪᠥᠭᠡᠮᠨᠡᠷᠡᠯ ᠤᠨ ᠠᠵᠢᠯ ᠤᠨ ᠲᠤᠰᠬᠠᠢ ᠠᠩᠭᠢ ᠵᠢᠴᠢ ᠬᠥᠭᠵᠢᠭᠦᠯᠦᠯᠲᠡ ᠪᠠ ᠥᠭᠡᠷᠡᠴᠢᠯᠡᠯᠲᠡ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ᠂ ᠬᠤᠳᠠᠯᠳᠤᠭᠠᠨ ᠤ ᠶᠠᠪᠤᠳᠠᠯ᠂ ᠠᠵᠢᠯᠴᠢᠨ ᠤ ᠶᠡᠷᠦᠩᠬᠡᠢ ᠡᠪᠯᠡᠯ᠂ ᠬᠤᠲᠠ ᠶᠢᠨ ᠡᠪᠯᠡᠯ ᠤᠨ ᠬᠤᠷᠢᠶ᠎ᠠ ᠵᠡᠷᠭᠡ ᠰᠠᠯᠠᠭ᠎ᠠ ᠮᠥᠴᠢᠷ ᠯᠦᠭᠡ ᠶᠢᠨ ᠬᠠᠷᠢᠯᠴᠠᠭ᠎ᠠ ᠪᠠᠨ ᠴᠢᠩᠭᠠᠳᠬᠠᠵᠤ᠂ ︽ᠠᠵᠤ ᠠᠬᠤᠶᠢᠯᠠᠯ ᠳᠤ ᠣᠷᠣᠬᠤ᠂ ᠬᠡᠷᠡᠭᠴᠡᠭᠡ ᠱᠠᠭᠠᠷᠳᠠᠯᠭ᠎ᠠ ᠶᠢ ᠠᠰᠠᠭᠤᠬᠤ᠂ ᠦᠢᠯᠡᠴᠢᠯᠡᠭᠡ ᠬᠦᠷᠭᠡᠬᠦ︾ ᠠᠵᠢᠯᠯᠠᠭ᠎ᠠ ᠶᠢ ᠥᠷᠨᠢᠭᠦᠯᠵᠦ᠂ ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ ᠡᠬᠡ ᠲᠠᠩᠰᠠ ᠶᠢ ᠡᠮᠬᠢᠯᠡᠨ ᠪᠠᠶᠢᠭᠤᠯᠵᠤ᠂ ᠴᠢᠳᠠᠪᠤᠷᠢᠲᠠᠨ ᠤ ᠬᠡᠷᠡᠭᠴᠡᠭᠡ ᠱᠠᠭᠠᠷᠳᠠᠯᠭ᠎ᠠ ᠶᠢᠨ ᠭᠠᠷᠴᠠᠭ ᠢ ᠲᠣᠭᠲᠠᠭᠰᠠᠨ ᠬᠤᠭᠤᠴᠠᠭ᠎ᠠ ᠲᠠᠢ ᠪᠠᠷ ᠨᠡᠶᠢᠲᠡᠯᠡᠵᠦ᠂ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠢ ᠴᠢᠭᠯᠡᠭᠦᠯᠦᠯᠲᠡ ᠴᠢᠨᠠᠷᠲᠠᠢ ᠥᠷᠨᠢᠭᠦᠯᠵᠦ᠂ ᠴᠢᠬᠤᠯᠠ ᠶᠡᠭᠡ ᠠᠵᠤ ᠠᠬᠤᠶᠢᠯᠠᠯ ︵ᠲᠥᠷᠥᠯ ᠵᠦᠢᠯ︶ ᠳᠤ ᠠᠵᠢᠯ ᠤᠨ ᠪᠠᠶᠢᠷᠢ ᠭᠠᠷᠭᠠᠨ᠎ᠠ᠃ ︵ᠲᠦᠷᠦᠭᠦᠯᠡᠨ ᠬᠢᠬᠦ ᠨᠢᠭᠡᠴᠢ᠄ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ︔ ᠬᠠᠷᠢᠭᠤᠴᠠᠯᠭᠠᠲᠤ ᠨᠢᠭᠡᠴᠢ᠄ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠠᠵᠤ ᠦᠢᠯᠡᠳᠪᠦᠷᠢ ᠮᠡᠳᠡᠭᠡ ᠵᠠᠩᠭᠢᠴᠢᠯᠠᠯᠲᠠ ᠶᠢᠨ ᠲᠣᠪᠴᠢᠶ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠲᠣᠮᠣ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ᠂ ᠠᠵᠢᠯᠴᠢᠨ ᠤ ᠶᠡᠷᠦᠩᠬᠡᠢ ᠡᠪᠯᠡᠯ᠂ ᠬᠤᠲᠠ ᠶᠢᠨ ᠡᠪᠯᠡᠯ ᠤᠨ ᠬᠤᠷᠢᠶ᠎ᠠ᠂ ᠡᠯ᠎ᠡ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ︶      5. ︽ᠪᠡᠶ᠎ᠡ ᠳᠤᠨᠢ ᠲᠣᠬᠢᠷᠠᠭᠤᠯᠤᠨ ᠲᠣᠭᠲᠠᠭᠠᠬᠤ︾ ᠦᠢᠯᠡᠴᠢᠯᠡᠭᠡ ᠶᠢ ᠬᠡᠷᠡᠭᠵᠢᠭᠦᠯᠦᠨ᠎ᠡ᠃ ᠵᠢᠷᠭᠤᠭᠠᠨ ᠶᠡᠭᠡ ᠠᠵᠤ ᠦᠢᠯᠡᠰ ᠤᠨ ᠪᠥᠭᠡᠮᠨᠡᠷᠡᠯ ᠤᠨ ᠠᠵᠢᠯᠴᠢᠨ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠰᠦ ᠶᠢᠨ ᠦᠢᠯᠡᠰ᠂ ᠰᠢᠨ᠎ᠡ ᠡᠨᠧᠷᠭᠢ᠂ ᠠᠮᠢᠳᠤ ᠪᠣᠳᠠᠰ ᠤᠨ ᠡᠮ ᠡᠮᠨᠡᠯᠭᠡ ᠵᠡᠷᠭᠡ ᠭᠤᠣᠯᠳᠠᠯᠭ᠎ᠠ ᠲᠠᠢ ᠬᠥᠲᠥᠴᠢ ᠠᠵᠤ ᠦᠢᠯᠡᠰ ᠤᠨ ᠠᠵᠢᠯᠲᠠᠨ ᠡᠯᠰᠡᠬᠦ ᠦᠢᠯᠡᠴᠢᠯᠡᠭᠡᠨ ᠤ ᠲᠤᠰᠬᠠᠢ ᠠᠵᠢᠯᠯᠠᠭ᠎ᠠ ᠶᠢ ᠴᠢᠭᠯᠡᠭᠦᠯᠦᠯᠲᠡ ᠴᠢᠨᠠᠷᠲᠠᠢ ᠪᠠᠷ ᠵᠣᠬᠢᠶᠠᠨ ᠪᠠᠶᠢᠭᠤᠯᠤᠨ ᠥᠷᠨᠢᠭᠦᠯᠵᠦ᠂ ᠭᠤᠣᠯᠳᠠᠯᠭ᠎ᠠ ᠲᠠᠢ ᠠᠵᠤ ᠠᠬᠤᠶᠢᠯᠠᠯ ︵ᠲᠥᠷᠥᠯ ᠵᠦᠢᠯ︶ ᠬᠢᠭᠡᠳ ᠬᠥᠳᠡᠯᠮᠦᠷᠢ ᠬᠦᠴᠦᠨ ᠬᠡᠷᠡᠭᠯᠡᠬᠦ ᠶᠢᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠤᠨ᠂ ᠴᠢᠳᠠᠪᠤᠷᠢᠲᠠᠨ ᠬᠢᠭᠡᠳ ᠵᠠᠬ᠎ᠠ ᠳᠡᠯᠭᠡᠭᠦᠷ ᠢ ᠪᠦᠲᠦᠮᠵᠢᠲᠡᠶ ᠵᠣᠯᠭᠠᠭᠤᠯᠵᠤ᠂ ᠪᠥᠬᠦ ᠵᠢᠯ ᠳᠤ ᠲᠤᠰᠬᠠᠢ ᠠᠵᠢᠯᠲᠠᠨ ᠡᠯᠰᠡᠬᠦ ᠠᠵᠢᠯᠯᠠᠭ᠎ᠠ ᠶᠢ 30 ᠤᠳᠠᠭ᠎ᠠ ᠠᠴᠠ ᠳᠡᠭᠡᠭᠰᠢ ᠥᠷᠨᠢᠭᠦᠯᠦᠨ᠎ᠡ᠃ ︵ᠲᠦᠷᠦᠭᠦᠯᠡᠨ ᠬᠢᠬᠦ ᠨᠢᠭᠡᠴᠢ᠄ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ︔ ᠬᠠᠷᠢᠭᠤᠴᠠᠯᠭᠠᠲᠤ ᠨᠢᠭᠡᠴᠢ᠄ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠣᠪᠴᠢᠶ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠲᠣᠮᠣ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ᠂ ᠠᠵᠢᠯᠴᠢᠨ ᠤ ᠶᠡᠷᠦᠩᠬᠡᠢ ᠡᠪᠯᠡᠯ᠂ ᠬᠤᠲᠠ ᠶᠢᠨ ᠡᠪᠯᠡᠯ ᠤᠨ ᠬᠤᠷᠢᠶ᠎ᠠ᠂ ᠡᠯ᠎ᠡ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ︶      6. ᠠᠵᠢᠯᠲᠠᠨ ᠡᠯᠰᠡᠬᠦ ᠦᠢᠯᠡᠴᠢᠯᠡᠭᠡᠨ ᠤ ᠲᠤᠰᠬᠠᠢ ᠠᠵᠢᠯᠯᠠᠭ᠎ᠠ ᠶᠢ ᠵᠣᠬᠢᠶᠠᠨ ᠪᠠᠶᠢᠭᠤᠯᠤᠨ᠎ᠠ᠃ ᠡᠯ᠎ᠡ ᠬᠤᠰᠢᠭᠤ ᠰᠢᠶᠠᠨ ᠲᠣᠭᠤᠷᠢᠭ ᠨᠢ ᠬᠠᠷᠢᠶ᠎ᠠ ᠭᠠᠵᠠᠷ ᠤᠨ ᠠᠵᠤ ᠠᠬᠤᠶᠢᠯᠠᠯ ᠪᠣᠯᠣᠨ ᠣᠨᠴᠠᠯᠢᠭᠲᠤ ᠠᠵᠤ ᠦᠢᠯᠡᠰ ᠤᠨ ᠳᠠᠪᠠᠭᠤᠯᠢᠭ ᠲᠤ ᠴᠢᠭᠯᠡᠭᠦᠯᠦᠨ᠂ ᠠᠵᠤ ᠠᠬᠤᠶᠢᠯᠠᠯ ᠤᠨ ᠠᠵᠢᠯ ᠤᠨ ᠪᠠᠶᠢᠷᠢ ᠶᠢᠨ ᠬᠡᠷᠡᠭᠴᠡᠭᠡ ᠱᠠᠭᠠᠷᠳᠠᠯᠭ᠎ᠠ ᠶᠢ ᠭᠦᠨᠵᠡᠭᠡᠢ ᠠᠭᠤᠳᠠᠯᠵᠤ᠂ ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ ᠪᠠᠶᠢᠳᠠᠯ ᠢ ᠡᠵᠡᠮᠰᠢᠨ᠂ ᠴᠠᠭ ᠲᠤᠨᠢ ᠲᠣᠬᠢᠷᠠᠭᠤᠯᠤᠨ ᠠᠵᠢᠯᠲᠠᠨ ᠲᠤᠰᠬᠠᠢ ᠡᠯᠰᠡᠬᠦ᠂ ᠰᠦᠯᠵᠢᠶᠡᠨ ᠳᠡᠭᠡᠷ᠎ᠡ ᠡᠯᠰᠡᠬᠦ᠂ ᠰᠤᠷᠭᠠᠭᠤᠯᠢ ᠶᠢᠨ ᠬᠦᠷᠢᠶᠡᠨ ᠳᠤ ᠣᠷᠣᠵᠤ ᠡᠯᠰᠡᠬᠦ ᠵᠡᠷᠭᠡ ᠠᠵᠢᠯᠯᠠᠭ᠎ᠠ ᠶᠢ ᠵᠣᠬᠢᠶᠠᠨ ᠪᠠᠶᠢᠭᠤᠯᠵᠤ᠂ ᠠᠵᠤ ᠠᠬᠤᠶᠢᠯᠠᠯ ᠳᠤ ᠴᠢᠳᠠᠪᠤᠷᠢᠲᠠᠨ ᠡᠯᠰᠡᠬᠦ ᠦᠢᠯᠡᠴᠢᠯᠡᠭᠡ ᠶᠢ ᠲᠠᠰᠤᠷᠠᠯᠲᠠ ᠦᠭᠡᠢ ᠬᠠᠩᠭᠠᠵᠤ᠂ ᠪᠥᠬᠦ ᠵᠢᠯ ᠳᠤ ᠲᠤᠰᠬᠠᠢ ᠡᠯᠰᠡᠬᠦ ᠠᠵᠢᠯᠯᠠᠭ᠎ᠠ ᠶᠢ 70 ᠤᠳᠠᠭ᠎ᠠ ᠠᠴᠠ ᠳᠡᠭᠡᠭᠰᠢ ᠥᠷᠨᠢᠭᠦᠯᠦᠨ᠎ᠡ᠃ ︵ᠲᠦᠷᠦᠭᠦᠯᠡᠨ ᠬᠢᠬᠦ ᠨᠢᠭᠡᠴᠢ᠄ ᠡᠯ᠎ᠡ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ︔ ᠬᠠᠷᠢᠭᠤᠴᠠᠯᠭᠠᠲᠤ ᠨᠢᠭᠡᠴᠢ᠄ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠲᠣᠪᠴᠢᠶ᠎ᠠ︶      ︵ᠭᠤᠷᠪᠠ︶ ︽ᠤᠷ᠎ᠠ ᠴᠢᠳᠠᠪᠤᠷᠢ ᠶᠢ ᠳᠡᠭᠡᠭᠰᠢᠯᠡᠭᠦᠯᠬᠦ ᠠᠵᠢᠯᠯᠠᠭ᠎ᠠ︾ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ      7᠂ ᠦᠢᠯᠡᠰ ᠪᠣᠰᠬᠠᠬᠤ ᠴᠢᠳᠠᠪᠤᠷᠢ᠂ ᠲᠣᠭᠠᠴᠢᠯᠠᠬᠤ ᠠᠵᠢᠯ ᠮᠡᠷᠭᠡᠵᠢᠯ᠂ ᠦᠢᠯᠡᠳᠬᠦ ᠦᠢᠯᠡᠰ᠂ ᠲᠠᠪᠴᠠᠩ ᠤᠨ ᠠᠵᠤ ᠠᠬᠤᠢ ᠪᠣᠯᠣᠨ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠵᠡᠷᠭᠡ ᠬᠦᠷᠢᠶᠡᠨ ᠤ ᠤᠷ᠎ᠠ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠴᠡᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠪᠦᠬᠦ ᠵᠢᠯ ᠳᠤ ᠡᠯ᠎ᠡ ᠲᠦᠷᠦᠯ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠪᠣᠯᠣᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠢ 100 ᠠᠴᠠ ᠳᠡᠭᠡᠭᠰᠢ ᠤᠳᠠᠭ᠎ᠠ ᠥᠷᠨᠢᠭᠦᠯᠵᠦ᠂ ᠣᠶᠤᠲᠠᠳ ᠢ 5000 ᠬᠥᠮᠥᠨ ᠤᠳᠠᠭ᠎ᠠ ᠠᠴᠠ ᠳᠡᠭᠡᠭᠰᠢ ᠵᠣᠬᠢᠶᠠᠨ ᠪᠠᠶᠢᠭᠤᠯᠤᠨ ᠪᠣᠯᠪᠠᠰᠤᠷᠠᠭᠤᠯᠤᠯ ᠳᠤ ᠣᠷᠣᠯᠴᠠᠭᠤᠯᠵᠤ᠂ ᠵᠠᠯᠠᠭᠤᠴᠤᠳ ᠢ ᠬᠠᠪᠰᠤᠷᠤᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠪᠣᠯᠣᠨ ᠠᠵᠢᠯ ᠣᠯᠬᠤ ᠴᠢᠳᠠᠪᠤᠷᠢ ᠶᠢ ᠳᠡᠭᠡᠭᠰᠢᠯᠡᠭᠦᠯᠵᠦ᠂ ᠵᠠᠯᠠᠭᠤᠴᠤᠳ ᠤᠨ ᠠᠵᠢᠯ ᠮᠡᠷᠭᠡᠵᠢᠯ ᠢᠶᠠᠨ ᠳᠡᠭᠡᠭᠰᠢᠯᠡᠭᠦᠯᠬᠦ ᠵᠠᠮ ᠢ ᠨᠡᠪᠲᠡᠷᠡᠭᠦᠯᠦᠨ᠎ᠡ᠃ ︵ᠲᠦᠷᠦᠭᠦᠯᠡᠨ ᠬᠢᠬᠦ ᠨᠢᠭᠡᠴᠢ᠄ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ︔ ᠬᠠᠷᠢᠭᠤᠴᠠᠯᠭᠠᠲᠤ ᠨᠢᠭᠡᠴᠢ᠄ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠣᠪᠴᠢᠶ᠎ᠠ︶      8᠂ ᠤᠷ᠎ᠠ ᠮᠡᠷᠭᠡᠵᠢᠯ ᠲᠠᠢ ᠵᠠᠯᠠᠭᠤ ᠴᠢᠳᠠᠪᠤᠷᠢᠲᠠᠨ ᠢ ᠦᠨᠡᠯᠡᠵᠦ ᠤᠷᠮᠠᠰᠢᠭᠤᠯᠬᠤ ᠳᠦᠷᠢᠮ ᠢ ᠰᠢᠯᠢᠳᠡᠭᠵᠢᠭᠦᠯᠵᠦ᠂ ᠶᠡᠭᠡ ᠳᠡᠭᠡᠳᠦ ᠰᠤᠷᠭᠠᠭᠤᠯᠢ᠂ ᠠᠵᠢᠯ ᠮᠡᠷᠭᠡᠵᠢᠯ ︵ᠮᠡᠷᠭᠡᠵᠢᠯ ᠤᠨ ᠠᠵᠢᠯᠴᠢᠨ︶ ᠤᠨ ᠳᠡᠭᠡᠳᠦ ᠰᠤᠷᠭᠠᠭᠤᠯᠢ ᠲᠠᠢ ᠬᠤᠯᠪᠤᠭᠠᠯᠠᠨ ᠲᠡᠭᠦᠰᠦᠭᠰᠡᠨ ᠰᠤᠷᠤᠭᠴᠢ ᠶᠢᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢ ᠬᠢᠨᠠᠨ ᠰᠢᠯᠭᠠᠵᠤ ᠦᠨᠡᠯᠡᠬᠦ ᠠᠵᠢᠯ ᠢ ᠶᠡᠬᠡᠪᠡᠷ ᠥᠷᠨᠢᠭᠦᠯᠵᠦ᠂ ᠪᠦᠬᠦ ᠵᠢᠯ ᠳᠤ ᠳᠤᠮᠳᠠ ᠵᠡᠷᠭᠡ ᠶᠢᠨ ᠠᠵᠢᠯᠴᠢᠨ ᠠᠴᠠ ᠳᠡᠭᠡᠭᠰᠢᠬᠢ ᠵᠠᠯᠠᠭᠤ ᠮᠡᠷᠭᠡᠵᠢᠯ ᠤᠨ ᠠᠵᠢᠯᠴᠢᠨ ᠢ 8000 ᠠᠴᠠ ᠳᠡᠭᠡᠭᠰᠢ ᠨᠡᠮᠡᠭᠳᠡᠭᠦᠯᠦᠨ᠎ᠡ︔ ᠬᠤᠲᠠ ᠰᠢᠶᠠᠨ ᠤ ᠬᠤᠶᠠᠷ ᠱᠠᠲᠤᠨ ᠤ ᠤᠷ᠎ᠠ ᠴᠢᠳᠠᠪᠤᠷᠢ ᠶᠢᠨ ᠤᠷᠤᠯᠳᠤᠭᠠᠨ ᠢ 10 ᠠᠴᠠ ᠳᠡᠭᠡᠭᠰᠢ ᠲᠠᠯᠠᠪᠠᠢ ᠵᠣᠬᠢᠶᠠᠨ ᠪᠠᠶᠢᠭᠤᠯᠵᠤ᠂ ᠠᠬᠠᠯᠠᠭᠴᠢ ᠮᠠᠰᠲ᠋ᠧᠷ᠂ ᠮᠡᠷᠭᠡᠵᠢᠯ ᠤᠨ ᠭᠠᠷᠮᠠᠭᠠᠢ ᠴᠢᠳᠠᠪᠤᠷᠢᠲᠠᠨ᠂ ᠠᠵᠢᠯ ᠤᠨ ᠪᠠᠶᠢᠷᠢ ᠶᠢᠨ ᠵᠠᠯᠠᠭᠤ ᠭᠠᠷᠮᠠᠭᠠᠢ ᠴᠢᠳᠠᠪᠤᠷᠢᠲᠠᠨ ᠢ 100 ᠠᠴᠠ ᠳᠡᠭᠡᠭᠰᠢ ᠰᠣᠩᠭᠤᠵᠤ᠂ ᠨᠢᠭᠡ ᠪᠦᠯᠦᠭ ᠰᠢᠨ᠎ᠡ ᠴᠠᠭ ᠦᠶ᠎ᠡ ᠶᠢᠨ ᠵᠠᠯᠠᠭᠤ ᠤᠷᠠᠨ ᠳᠠᠷᠬᠠᠨ ᠤ ᠨᠡᠶᠢᠲᠡᠯᠢᠭ ᠵᠢᠱᠢᠶ᠎ᠡ ᠶᠢ ᠭᠤᠣᠯᠳᠠᠯᠭ᠎ᠠ ᠲᠠᠢ ᠪᠣᠶᠢᠵᠢᠭᠤᠯᠤᠨ᠎ᠠ᠃ ︵ᠲᠦᠷᠦᠭᠦᠯᠡᠨ ᠬᠢᠬᠦ ᠨᠢᠭᠡᠴᠢ᠄ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ︔ ᠬᠠᠷᠢᠭᠤᠴᠠᠯᠭᠠᠲᠤ ᠨᠢᠭᠡᠴᠢ᠄ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠣᠪᠴᠢᠶ᠎ᠠ᠂ ᠠᠵᠢᠯᠴᠢᠨ ᠤ ᠶᠡᠷᠦᠩᠬᠡᠢ ᠡᠪᠯᠡᠯ᠂ ᠬᠤᠲᠠ ᠶᠢᠨ ᠡᠪᠯᠡᠯ ᠤᠨ ᠬᠤᠷᠢᠶ᠎ᠠ︶      ︵ᠳᠥᠷᠪᠡ︶ ︽ᠬᠥᠮᠥᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡ ᠶᠢ ᠳᠡᠭᠡᠭᠰᠢᠯᠡᠭᠦᠯᠬᠦ ᠠᠵᠢᠯᠯᠠᠭ᠎ᠠ︾ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ      9. ᠤᠯᠤᠰ ᠤᠨ ᠲᠠᠰ ᠤᠨ ᠬᠥᠮᠥᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠠᠵᠤ ᠦᠢᠯᠡᠰ ᠤᠨ ᠬᠦᠷᠢᠶᠡᠯᠡᠩ ᠢ ᠪᠠᠶᠢᠭᠤᠯᠵᠤ᠂ ᠡᠵᠡᠩᠨᠡᠯᠲᠡ ᠶᠢᠨ ᠴᠢᠨᠠᠷᠲᠠᠢ ᠬᠥᠮᠥᠨ ᠤ ᠬᠦᠴᠦᠨ ᠤ ᠡᠬᠢ ᠪᠠᠶᠠᠯᠢᠭ ᠤᠨ ᠪᠠᠶᠢᠭᠤᠯᠤᠮᠵᠢ ᠠᠵᠢᠯ ᠣᠯᠭᠤᠬᠤ ᠠᠳᠠᠯ ᠦᠢᠯᠡᠰ ᠴᠣᠭᠴᠠᠯᠠᠬᠤ ᠲᠥᠷᠥ ᠶᠢᠨ ᠪᠣᠳᠣᠯᠭ᠎ᠠ ᠲᠠᠢ ᠤᠶᠠᠯᠳᠤᠭᠤᠯᠤᠨ ᠵᠠᠬ᠎ᠠ ᠳᠡᠯᠭᠡᠭᠦᠷ ᠲᠤ ᠲᠣᠬᠢᠷᠠᠬᠤ ᠪᠦᠲᠦᠭᠡᠭᠳᠡᠬᠦᠨ ᠪᠠ ᠦᠢᠯᠡᠴᠢᠯᠡᠭᠡ ᠶᠢ ᠨᠡᠭᠡᠭᠡᠨ ᠬᠥᠭᠵᠢᠭᠦᠯᠬᠦ ᠶᠢ ᠳᠡᠮᠵᠢᠵᠦ᠂ ᠬᠥᠮᠥᠨ ᠤ ᠬᠦᠴᠦᠨ ᠤ ᠡᠬᠢ ᠪᠠᠶᠠᠯᠢᠭ ᠤᠨ ᠪᠠᠶᠢᠭᠤᠯᠤᠮᠵᠢ ᠶᠢᠨ ᠠᠵᠢᠯ ᠲᠠᠨᠢᠯᠴᠠᠭᠤᠯᠬᠤ ᠳᠤ ᠨᠥᠬᠦᠪᠦᠷᠢᠯᠡᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ︔ ᠬᠥᠮᠥᠨ ᠤ ᠬᠦᠴᠦᠨ ᠤ ᠡᠬᠢ ᠪᠠᠶᠠᠯᠢᠭ ᠤᠨ ᠪᠠᠶᠢᠭᠤᠯᠤᠮᠵᠢ ᠶᠢᠨ ᠪᠡᠯᠡ ᠨᠡᠶᠢᠯᠡᠭᠦᠯᠬᠦ᠂ ᠬᠠᠮᠲᠤᠷᠠᠯᠴᠠᠬᠤ ᠵᠡᠷᠭᠡ ᠠᠷᠭ᠎ᠠ ᠮᠠᠶ᠋ᠢᠭ ᠢᠶᠠᠷ ᠬᠥᠮᠥᠨ ᠤ ᠬᠦᠴᠦᠨ ᠤ ᠡᠬᠢ ᠪᠠᠶᠠᠯᠢᠭ ᠤᠨ ᠲᠣᠭᠠᠴᠢᠯᠠᠭᠰᠠᠨ᠂ ᠣᠶᠣᠨᠴᠢᠯᠠᠭᠰᠠᠨ ᠦᠢᠯᠡᠴᠢᠯᠡᠭᠡᠨ ᠤ ᠲᠠᠪᠴᠠᠩ ᠵᠢᠴᠢ ᠲᠡᠷᠢᠭᠦᠨ ᠤ ᠬᠠᠮᠢᠶᠠᠷᠤᠯᠲᠠ ᠶᠢᠨ ᠵᠠᠭᠪᠤᠷ ᠪᠠ ᠲᠤᠷᠰᠢᠯᠭ᠎ᠠ ᠶᠢ ᠣᠷᠣᠭᠤᠯᠤᠨ ᠠᠪᠴᠢᠷᠠᠬᠤ ᠶᠢ ᠵᠣᠷᠢᠭᠵᠢᠭᠤᠯᠵᠤ᠂ ᠬᠥᠮᠥᠨ ᠤ ᠬᠦᠴᠦᠨ ᠤ ᠡᠬᠢ ᠪᠠᠶᠠᠯᠢᠭ ᠢ ᠵᠣᠬᠢᠴᠠᠭᠤᠯᠬᠤ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠰᠢᠯᠢᠳᠡᠭᠵᠢᠭᠦᠯᠦᠨ ᠳᠡᠭᠡᠭᠰᠢᠯᠡᠭᠦᠯᠵᠦ᠂ ᠵᠢᠷᠭᠤᠭᠠᠨ ᠶᠡᠭᠡ ᠠᠵᠤ ᠦᠢᠯᠡᠰ ᠤᠨ ᠬᠥᠲᠥᠴᠢ ᠠᠵᠤ ᠠᠬᠤᠶᠢᠯᠠᠯ ᠳᠤ ᠪᠠᠴᠢᠮ ᠳᠤᠲᠠᠭᠳᠠᠵᠤ ᠪᠠᠶᠢᠭ᠎ᠠ ᠴᠢᠳᠠᠪᠤᠷᠢᠲᠠᠨ ᠪᠠ ᠳᠡᠭᠡᠳᠦ ᠵᠡᠷᠭᠡ ᠶᠢᠨ ᠬᠠᠮᠢᠶᠠᠷᠤᠯᠲᠠ ᠶᠢᠨ ᠠᠵᠢᠯᠲᠠᠨ ᠢ ᠡᠯᠰᠡᠨ᠎ᠡ᠃ ︵ᠲᠦᠷᠦᠭᠦᠯᠡᠨ ᠬᠢᠬᠦ ᠨᠢᠭᠡᠴᠢ᠄ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ︔ ᠬᠠᠷᠢᠭᠤᠴᠠᠯᠭᠠᠲᠤ ᠨᠢᠭᠡᠴᠢ᠄ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶      10᠂ ᠡᠵᠡᠩᠨᠡᠯᠲᠡ ᠶᠢᠨ ᠴᠢᠨᠠᠷᠲᠠᠢ ᠬᠥᠮᠥᠨ ᠤ ᠬᠦᠴᠦᠨ ᠤ ᠡᠬᠢ ᠪᠠᠶᠠᠯᠢᠭ ᠤᠨ ᠪᠠᠶᠢᠭᠤᠯᠤᠮᠵᠢ ᠣᠷᠣᠨ ᠤ ᠭᠠᠳᠠᠨᠠᠬᠢ ᠲᠣᠮᠣ ᠳ᠋ᠠᠶᠢᠲ᠋ᠠ ᠳᠤ ᠵᠡᠭᠦᠯᠲᠡ ᠬᠠᠳᠠᠬᠤ᠂ ᠳᠠᠭᠤᠳᠠᠯᠲᠠ ᠶᠢ ᠭᠠᠳᠠᠭᠰᠢ ᠳᠠᠭᠠᠭᠠᠴᠢᠯᠠᠭᠤᠯᠬᠤ᠂ ᠵᠥᠭᠡᠯᠡᠨ ᠲᠣᠨᠤᠭ ᠢ ᠭᠠᠳᠠᠭᠰᠢ ᠳᠠᠭᠠᠭᠠᠴᠢᠯᠠᠭᠤᠯᠬᠤ ᠵᠡᠷᠭᠡ ᠲᠤᠰᠬᠠᠶᠢᠯᠠᠭᠰᠠᠨ ᠭᠠᠳᠠᠭᠰᠢ ᠳᠠᠭᠠᠭᠠᠴᠢᠯᠠᠭᠤᠯᠬᠤ ᠶᠢ ᠣᠷᠣᠭᠤᠯᠤᠨ ᠠᠪᠴᠢᠷᠠᠬᠤ ᠪᠠ ᠳᠠᠭᠠᠭᠠᠵᠤ ᠠᠪᠬᠤ ᠶᠢ ᠵᠣᠷᠢᠭᠵᠢᠭᠤᠯᠵᠤ᠂ ᠬᠥᠳᠡᠯᠮᠦᠷᠢ ᠬᠦᠴᠦ ᠶᠢ ᠲᠣᠮᠢᠯᠠᠬᠤ ᠪᠠ ᠦᠢᠯᠡᠴᠢᠯᠡᠭᠡ ᠶᠢ ᠭᠠᠳᠠᠭᠰᠢ ᠳᠠᠭᠠᠭᠠᠴᠢᠯᠠᠭᠤᠯᠬᠤ ᠵᠡᠷᠭᠡ ᠬᠥᠳᠡᠯᠮᠦᠷᠢ ᠬᠦᠴᠦ ᠨᠢᠭᠲᠠᠷᠠᠭᠰᠠᠨ ᠬᠡᠯᠪᠡᠷᠢ ᠶᠢᠨ ᠠᠵᠢᠯᠴᠢᠨ ᠬᠡᠷᠡᠭᠯᠡᠬᠦ ᠬᠡᠯᠪᠡᠷᠢ ᠮᠠᠶ᠋ᠢᠭ ᠢ ᠢᠳᠡᠪᠬᠢᠲᠡᠢ ᠥᠷᠭᠡᠳᠬᠡᠨ᠂ ᠠᠵᠢᠯ ᠣᠯᠭᠤᠬᠤ ᠪᠠᠭᠲᠠᠭᠠᠮᠵᠢ ᠪᠠ ᠠᠵᠢᠯ ᠣᠯᠭᠤᠬᠤ ᠣᠷᠣᠨ ᠵᠠᠢ ᠶᠢ ᠥᠷᠭᠡᠳᠬᠡᠨ᠎ᠡ︔ ᠰᠤᠷᠭᠠᠭᠤᠯᠢ ᠪᠠ ᠠᠵᠤ ᠠᠬᠤᠶᠢᠯᠠᠯ ᠤᠨ ᠬᠠᠮᠲᠤᠷᠠᠯᠴᠠᠬᠤ ᠲᠠᠪᠴᠠᠩ ᠪᠠ ᠬᠦᠷᠢᠶᠡᠯᠡᠩ ᠠᠵᠤ ᠠᠬᠤᠶᠢᠯᠠᠯ ᠤᠨ ᠦᠢᠯᠡᠴᠢᠯᠡᠭᠡᠨ ᠤ ᠲᠠᠪᠴᠠᠩ ᠢ ᠢᠳᠡᠪᠬᠢᠲᠡᠢ ᠪᠠᠶᠢᠭᠤᠯᠵᠤ᠂ ᠬᠥᠮᠥᠨ ᠤ ᠬᠦᠴᠦᠨ ᠤ ᠡᠬᠢ ᠪᠠᠶᠠᠯᠢᠭ ᠤᠨ ᠪᠠᠶᠢᠭᠤᠯᠤᠮᠵᠢ ᠶᠢᠨ ᠦᠢᠯᠡᠴᠢᠯᠡᠭᠡᠨ ᠤ ᠬᠡᠪᠴᠢᠶ᠎ᠡ ᠶᠢ ᠥᠷᠭᠡᠳᠬᠡᠨ᠂ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃ ︵ᠲᠦᠷᠦᠭᠦᠯᠡᠨ ᠬᠢᠬᠦ ᠨᠢᠭᠡᠴᠢ᠄ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ︔ ᠬᠠᠷᠢᠭᠤᠴᠠᠯᠭᠠᠲᠤ ᠨᠢᠭᠡᠴᠢ᠄ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ︶      ︵ᠲᠠᠪᠤ︶ ︽ᠠᠳᠠᠯ ᠦᠢᠯᠡᠰ ᠴᠣᠭᠴᠠᠯᠠᠬᠤ ᠶᠢ ᠲᠤᠰᠠᠯᠠᠬᠤ ᠠᠵᠢᠯᠯᠠᠭ᠎ᠠ︾ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ      11᠂ ᠠᠳᠠᠯ ᠦᠢᠯᠡᠰ ᠴᠣᠭᠴᠠᠯᠠᠬᠤ ᠬᠦᠷᠢᠶᠡᠯᠡᠩ ᠤᠨ ᠨᠡᠪᠴᠢᠭᠦᠯᠬᠦ ᠰᠠᠭᠤᠷᠢᠨ ᠭᠠᠵᠠᠷ᠂ ᠳᠤᠮᠳᠠ ᠵᠢᠵᠢᠭ ᠠᠵᠤ ᠠᠬᠤᠶᠢᠯᠠᠯ ᠤᠨ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠰᠠᠭᠤᠷᠢᠨ ᠭᠠᠵᠠᠷ᠂ ᠣᠯᠠᠨ ᠢᠶᠠᠷ ᠢᠶᠠᠨ ᠠᠳᠠᠯ ᠦᠢᠯᠡᠰ ᠴᠣᠭᠴᠠᠯᠠᠬᠤ ᠣᠷᠣᠨ ᠵᠠᠢ᠂ ᠵᠠᠯᠠᠭᠤᠴᠤᠳ ᠤᠨ ᠠᠳᠠᠯ ᠦᠢᠯᠡᠰ ᠴᠣᠭᠴᠠᠯᠠᠬᠤ ᠨᠡᠪᠴᠢᠭᠦᠯᠦᠭᠦᠷ ᠵᠡᠷᠭᠡ ᠠᠳᠠᠯ ᠦᠢᠯᠡᠰ ᠴᠣᠭᠴᠠᠯᠠᠬᠤ ᠠᠴᠢᠶᠠᠯᠠᠪᠤᠷᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ 2024 ᠣᠨ ᠳᠤ ᠠᠳᠠᠯ ᠦᠢᠯᠡᠰ ᠴᠣᠭᠴᠠᠯᠠᠬᠤ ᠠᠴᠢᠶᠠᠯᠠᠪᠤᠷᠢ ᠶᠢ 10 ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠦᠨ᠎ᠡ︔ ᠬᠤᠲᠠ ᠶᠢᠨ ᠳᠥᠷᠪᠡᠨ ᠲᠣᠭᠤᠷᠢᠭ ᠨᠢ ᠲᠣᠰ ᠲᠣᠰ ᠣᠨᠴᠠᠯᠢᠭ ᠢᠶᠠᠷ ᠢᠯᠡ ᠲᠣᠳᠣ᠂ ᠴᠢᠳᠠᠮᠵᠢ ᠪᠠᠷ ᠪᠦᠷᠢᠨ ᠲᠡᠭᠦᠯᠳᠡᠷ᠂ ᠦᠷ᠎ᠡ ᠪᠦᠲᠦᠮᠵᠢ ᠪᠠᠷ ᠢᠯᠡᠷᠬᠡᠢ ᠣᠯᠠᠨ ᠨᠡᠶᠢᠲᠡ ᠶᠢᠨ ᠠᠳᠠᠯ ᠦᠢᠯᠡᠰ ᠴᠣᠭᠴᠠᠯᠠᠬᠤ ᠠᠴᠢᠶᠠᠯᠠᠪᠤᠷᠢ 1 ᠶᠢ ᠪᠠᠶᠢᠭᠤᠯᠵᠤ᠂ ᠡᠯ᠎ᠡ ᠬᠤᠰᠢᠭᠤ ᠰᠢᠶᠠᠨ ᠨᠢ ᠣᠷᠣᠨ ᠪᠦᠰᠡ ᠶᠢᠨ ᠣᠨᠴᠠᠯᠢᠭ ᠢᠶᠠᠨ ᠦᠨᠳᠦᠰᠦᠯᠡᠨ ᠨᠤᠲᠤᠭ ᠲᠠᠭᠠᠨ ᠪᠤᠴᠠᠭᠰᠠᠨ ᠬᠥᠮᠥᠰ ᠤᠨ ᠠᠳᠠᠯ ᠦᠢᠯᠡᠰ ᠴᠣᠭᠴᠠᠯᠠᠬᠤ ᠬᠦᠷᠢᠶᠡᠯᠡᠩ ᠤᠨ ᠨᠡᠪᠴᠢᠭᠦᠯᠬᠦ ᠰᠠᠭᠤᠷᠢᠨ ᠭᠠᠵᠠᠷ 1 ᠶᠢ ᠪᠠᠶᠢᠭᠤᠯᠵᠤ᠂ ᠲᠠᠯᠠᠪᠤᠷ ᠤᠨ ᠲᠦᠷᠢᠶᠡᠰᠦᠨ ᠤ ᠨᠥᠬᠦᠪᠦᠷᠢ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠤᠨ᠂ ︽ᠱᠠᠩᠨᠠᠬᠤ ᠪᠠᠷ ᠨᠥᠬᠦᠪᠦᠷᠢ ᠶᠢ ᠣᠷᠣᠯᠠᠭᠤᠯᠬᠤ︾ ᠪᠡᠯᠡ ᠮᠥᠩᠭᠦ ᠪᠠᠷ ᠲᠡᠳᠬᠦᠬᠦ ᠡᠷᠴᠢᠮ ᠢᠶᠠᠨ ᠴᠢᠩᠭᠠᠷᠠᠭᠤᠯᠵᠤ᠂ ᠨᠠᠩ ᠣᠯᠠᠨ ᠳᠡᠭᠡᠳᠦ ᠰᠤᠷᠭᠠᠭᠤᠯᠢ ᠲᠡᠭᠦᠰᠦᠭᠰᠡᠳ ᠤᠨ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠶᠢ ᠠᠬᠢᠭᠤᠯᠤᠨ᠎ᠠ᠃ ︵ᠲᠦᠷᠦᠭᠦᠯᠡᠨ ᠬᠢᠬᠦ ᠨᠢᠭᠡᠴᠢ᠄ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ︔ ᠬᠠᠷᠢᠭᠤᠴᠠᠯᠭᠠᠲᠤ ᠨᠢᠭᠡᠴᠢ᠄ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠣᠪᠴᠢᠶ᠎ᠠ᠂ ᠬᠤᠲᠠ ᠶᠢᠨ ᠡᠪᠯᠡᠯ ᠤᠨ ᠬᠤᠷᠢᠶ᠎ᠠ᠂ ᠡᠯ᠎ᠡ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ︶      12. ᠠᠳᠠᠯ ᠦᠢᠯᠡᠰ ᠴᠣᠭᠴᠠᠯᠠᠬᠤ ᠪᠣᠯᠪᠠᠰᠤᠷᠠᠭᠤᠯᠤᠯ ︵ᠪᠣᠳᠠᠲᠠᠢ ᠪᠣᠯᠪᠠᠰᠤᠷᠠᠭᠤᠯᠤᠯ︶ ᠪᠣᠯᠣᠨ ᠠᠳᠠᠯ ᠦᠢᠯᠡᠰ ᠴᠣᠭᠴᠠᠯᠠᠬᠤ ᠰᠦᠯᠵᠢᠶᠡᠨ ᠳᠡᠭᠡᠷᠡᠬᠢ ᠪᠣᠯᠪᠠᠰᠤᠷᠠᠭᠤᠯᠤᠯ ᠢ ᠶᠡᠬᠡᠪᠡᠷ ᠬᠡᠷᠡᠭᠵᠢᠭᠦᠯᠵᠦ᠂ ᠵᠢᠯ ᠤᠨ ᠳᠣᠲᠣᠷ᠎ᠠ 5000 ᠠᠴᠠ ᠳᠡᠭᠡᠭᠰᠢ ᠣᠶᠤᠲᠠᠨ ᠢ ᠪᠣᠯᠪᠠᠰᠤᠷᠠᠭᠤᠯᠤᠨ᠎ᠠ︔ ᠠᠳᠠᠯ ᠦᠢᠯᠡᠰ ᠴᠣᠭᠴᠠᠯᠠᠬᠤ ᠪᠠᠲᠤᠯᠠᠭᠠᠲᠤ ᠵᠢᠭᠡᠯᠡᠯᠭᠡ ᠪᠠᠷ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ 10 ᠲᠦᠮᠡᠨ ᠲᠥᠭᠦᠷᠢᠭ ᠠᠴᠠ ᠳᠣᠷᠣᠭᠰᠢᠬᠢ ᠠᠳᠠᠯ ᠦᠢᠯᠡᠰ ᠴᠣᠭᠴᠠᠯᠠᠬᠤ ᠪᠠᠲᠤᠯᠠᠭᠠᠲᠤ ᠵᠢᠭᠡᠯᠡᠯᠭᠡ ᠶᠢᠨ ᠪᠠᠲᠤᠯᠠᠭ᠎ᠠ ᠶᠢ ᠬᠡᠯᠲᠦᠷᠢᠭᠦᠯᠬᠦ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠵᠢᠯ ᠤᠨ ᠳᠣᠲᠣᠷ᠎ᠠ ᠠᠳᠠᠯ ᠦᠢᠯᠡᠰ ᠴᠣᠭᠴᠠᠯᠠᠬᠤ ᠪᠠᠲᠤᠯᠠᠭᠠᠲᠤ ᠵᠢᠭᠡᠯᠡᠯᠭᠡ ᠶᠢ 1 ᠳ᠋ᠦᠩᠰᠢᠭᠤᠷ ᠲᠥᠭᠦᠷᠢᠭ ᠠᠴᠠ ᠳᠡᠭᠡᠭᠰᠢ ᠲᠠᠯᠪᠢᠨ᠎ᠠ᠃ ︽ᠳᠤᠮᠳᠠᠳᠤ ᠤᠯᠤᠰ ᠤᠨ ᠪᠦᠲᠦᠭᠡᠯᠴᠢ ᠶᠢᠨ ᠵᠢᠭᠦᠷ︾ ᠬᠥᠬᠡᠬᠤᠲᠠ ᠶᠢᠨ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠤᠷᠤᠯᠳᠤᠭᠠᠨ᠂ ︽ᠢᠨᠲ᠋ᠧᠷ ᠰᠦᠯᠵᠢᠶ᠎ᠡ +︾ ᠰᠢᠨ᠎ᠡ ᠡᠭᠦᠳᠦᠯᠲᠡ ᠪᠦᠲᠦᠭᠡᠯᠴᠢ ᠶᠢᠨ ᠤᠷᠤᠯᠳᠤᠭᠠᠨ ᠵᠡᠷᠭᠡ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠠᠳᠠᠯ ᠦᠢᠯᠡᠰ ᠴᠣᠭᠴᠠᠯᠠᠭᠰᠠᠨ ᠵᠠᠯᠠᠭᠤᠴᠤᠳ ᠤᠨ ᠨᠡᠶᠢᠲᠡᠯᠢᠭ ᠵᠢᠱᠢᠶ᠎ᠡ ᠶᠢ ᠰᠣᠩᠭᠤᠨ ᠳᠠᠭᠤᠷᠢᠶᠠᠯ ᠪᠣᠯᠭᠠᠵᠤ᠂ ᠠᠳᠠᠯ ᠦᠢᠯᠡᠰ ᠴᠣᠭᠴᠠᠯᠠᠬᠤ ᠠᠭᠤᠷ ᠠᠮᠢᠰᠬᠤᠯ ᠢ ᠵᠤᠵᠠᠭᠠᠳᠬᠠᠨ᠎ᠠ᠃ ︵ᠲᠦᠷᠦᠭᠦᠯᠡᠨ ᠬᠢᠬᠦ ᠨᠢᠭᠡᠴᠢ᠄ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ︔ ᠬᠠᠷᠢᠭᠤᠴᠠᠯᠭᠠᠲᠤ ᠨᠢᠭᠡᠴᠢ᠄ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠬᠤᠲᠠ ᠶᠢᠨ ᠡᠪᠯᠡᠯ ᠤᠨ ᠬᠤᠷᠢᠶ᠎ᠠ᠂ ᠡᠯ᠎ᠡ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ︶      13. ᠣᠶᠤᠨᠴᠢ ᠦᠢᠯᠡᠳᠬᠦ᠂ ᠢᠨᠲ᠋ᠧᠷ ᠰᠦᠯᠵᠢᠶ᠎ᠡ ᠳᠡᠭᠡᠷ᠎ᠡ ᠡᠵᠡᠩᠨᠡᠨ ᠪᠣᠷᠣᠯᠠᠭᠤᠯᠬᠤ᠂ ᠰᠢᠨ᠎ᠡ ᠵᠠᠭᠤᠴᠢᠯᠠᠭᠤᠷ ᠤᠨ ᠡᠵᠡᠩᠨᠡᠯᠲᠡ ᠵᠡᠷᠭᠡ ᠠᠵᠤ ᠠᠬᠤᠢ ᠶᠢᠨ ᠰᠢᠨ᠎ᠡ ᠨᠡᠮᠡᠭᠳᠡᠯ ᠤᠨ ᠴᠡᠭ ᠤᠨ ᠲᠣᠭᠤᠷᠢᠨ ᠳᠤ᠂ ᠠᠵᠢᠯ ᠣᠯᠭᠤᠬᠤ ᠠᠵᠢᠯ ᠤᠨ ᠪᠠᠶᠢᠷᠢ ᠶᠢ ᠠᠭᠤᠳᠠᠯᠵᠤ᠂ ᠵᠣᠯᠭᠠᠭᠤᠯᠬᠤ ᠲᠠᠪᠴᠠᠩ ᠢ ᠪᠠᠶᠢᠭᠤᠯᠤᠨ᠂ ᠠᠵᠢᠯ ᠤᠨ ᠪᠠᠶᠢᠷᠢ ᠶᠢᠨ ᠬᠡᠷᠡᠭᠴᠡᠭᠡ ᠱᠠᠭᠠᠷᠳᠠᠯᠭ᠎ᠠ ᠶᠢᠨ ᠮᠡᠳᠡᠭᠡ ᠵᠠᠩᠭᠢ ᠶᠢ ᠨᠡᠶᠢᠲᠡᠯᠡᠵᠦ᠂ ᠲᠡᠭᠦᠰᠬᠦ ᠰᠤᠷᠤᠭᠴᠢᠳ ᠤᠨ ᠬᠠᠮᠲᠤᠪᠠᠷ ᠡᠳ᠋ᠯᠡᠬᠦ ᠠᠵᠤ ᠠᠬᠤᠢ᠂ ᠲᠠᠪᠴᠠᠩ ᠤᠨ ᠠᠵᠤ ᠠᠬᠤᠢ᠂ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠵᠢᠴᠢ ᠰᠢᠨ᠎ᠡ ᠪᠠᠷ ᠪᠣᠶ ᠪᠣᠯᠤᠭᠰᠠᠨ ᠠᠵᠤ ᠦᠢᠯᠡᠰ ᠲᠤ ᠠᠵᠢᠯ ᠣᠯᠵᠤ ᠠᠳᠠᠯ ᠦᠢᠯᠡᠰ ᠴᠣᠭᠴᠠᠯᠠᠬᠤ ᠶᠢ ᠬᠥᠲᠥᠯᠥᠨ ᠵᠢᠯᠣᠭᠤᠳᠤᠨ᠎ᠠ᠃ ᠰᠤᠷᠭᠠᠭᠤᠯᠢ ᠠᠴᠠ ᠪᠠᠨ ᠰᠠᠯᠤᠭᠠᠳ 2 ᠵᠢᠯ ᠤᠨ ᠳᠣᠲᠣᠷ᠎ᠠ ᠠᠵᠢᠯ ᠣᠯᠣᠭᠠᠳᠤᠢ ᠳᠡᠭᠡᠳᠦ ᠰᠤᠷᠭᠠᠭᠤᠯᠢ ᠲᠡᠭᠦᠰᠦᠭᠰᠡᠳ ᠠᠮᠢᠳᠤᠯᠢᠭ ᠢᠶᠠᠷ ᠠᠵᠢᠯ ᠣᠯᠣᠭᠰᠠᠨ ᠪᠠᠶᠢᠪᠠᠯ᠂ ᠲᠣᠭᠲᠠᠭᠠᠯ ᠶᠣᠰᠣᠭᠠᠷ 2 ᠵᠢᠯ ᠠᠴᠠ ᠥᠯᠥ ᠬᠡᠲᠦᠷᠡᠬᠦ ᠨᠡᠶᠢᠭᠡᠮ ᠤᠨ ᠳᠠᠭᠠᠳᠬᠠᠯ ᠤᠨ ᠨᠥᠬᠦᠪᠦᠷᠢ ᠣᠯᠭᠤᠨ᠎ᠠ᠃ ︵ᠲᠦᠷᠦᠭᠦᠯᠡᠨ ᠬᠢᠬᠦ ᠨᠢᠭᠡᠴᠢ᠄ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ︔ ᠬᠠᠷᠢᠭᠤᠴᠠᠯᠭᠠᠲᠤ ᠨᠢᠭᠡᠴᠢ᠄ ᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠣᠪᠴᠢᠶ᠎ᠠ᠂ ᠵᠠᠮ ᠬᠠᠷᠢᠯᠴᠠᠭᠠᠨ ᠤ ᠲᠣᠪᠴᠢᠶ᠎ᠠ᠂ ᠡᠯ᠎ᠡ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ︶      ︵ᠵᠢᠷᠭᠤᠭ᠎ᠠ︶ ︽ᠴᠢᠳᠠᠪᠤᠷᠢᠲᠠᠨ ᠡᠯᠰᠡᠵᠦ ᠤᠶᠤᠨ ᠤᠬᠠᠭᠠᠨ ᠣᠷᠣᠭᠤᠯᠬᠤ ᠠᠵᠢᠯᠯᠠᠭ᠎ᠠ︾ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ      14. ᠪᠠᠶᠢᠭᠤᠯᠭ᠎ᠠ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠡᠯᠰᠡᠬᠦ ᠬᠡᠪᠴᠢᠶ᠎ᠡ ᠶᠢ ᠲᠣᠭᠲᠠᠪᠤᠷᠢᠵᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠲᠠᠢ ᠬᠠᠮᠵᠢᠯᠴᠠᠨ ᠮᠤᠵᠢ ᠶᠢᠨ ᠰᠢᠯᠭᠠᠯᠲᠠ ᠶᠢᠨ ᠨᠡᠷ᠎ᠡ ᠮᠡᠳᠡᠭᠦᠯᠬᠦ᠂ ᠰᠢᠯᠭᠠᠯᠲᠠ ᠬᠢᠬᠦ᠂ ᠪᠡᠶ᠎ᠡ ᠶᠢᠨ ᠪᠠᠶᠢᠴᠠᠭᠠᠯᠲᠠ ᠬᠢᠬᠦ ᠵᠡᠷᠭᠡ ᠠᠵᠢᠯ ᠢ ᠰᠠᠶᠢᠲᠤᠷ ᠡᠷᠬᠢᠯᠡᠨ᠎ᠡ᠃ ᠪᠥᠬᠦ ᠵᠢᠯ ᠳᠤ ᠪᠥᠬᠦ ᠬᠤᠲᠠ ᠳᠤ 2000 ᠠᠴᠠ ᠳᠣᠣᠷ᠎ᠠ ᠦᠭᠡᠢ ᠠᠵᠢᠯ ᠦᠢᠯᠡᠰ ᠤᠨ ᠨᠢᠭᠡᠴᠢ ᠶᠢᠨ ᠠᠵᠢᠯ ᠤᠨ ᠪᠠᠶᠢᠷᠢ ᠭᠠᠷᠭᠠᠨ ᠳᠡᠭᠡᠳᠦ ᠰᠤᠷᠭᠠᠭᠤᠯᠢ ᠲᠡᠭᠦᠰᠦᠭᠰᠡᠳ ᠢ ᠡᠯᠰᠡᠵᠦ᠂ ᠪᠥᠬᠦ ᠬᠤᠲᠠ ᠶᠢᠨ ᠠᠵᠢᠯ ᠦᠢᠯᠡᠰ ᠤᠨ ᠨᠢᠭᠡᠴᠢ ᠶᠢ ᠵᠣᠬᠢᠶᠠᠨ ᠪᠠᠶᠢᠭᠤᠯᠤᠨ ᠥᠪᠡᠷᠲᠡᠭᠡᠨ ᠵᠠᠰᠠᠬᠤ ᠣᠷᠣᠨ ᠤ ᠠᠵᠢᠯ ᠦᠢᠯᠡᠰ ᠤᠨ ᠨᠢᠭᠡᠴᠢ ᠶᠢᠨ ᠲᠥᠪᠯᠡᠷᠡᠭᠦᠯᠦᠨ ᠠᠵᠢᠯᠲᠠᠨ ᠡᠯᠰᠡᠬᠦ ᠠᠵᠢᠯᠯᠠᠭ᠎ᠠ ᠳᠤ ᠣᠷᠣᠯᠴᠠᠭᠤᠯᠵᠤ᠂ ᠢᠯᠡ ᠪᠠᠷ ᠠᠵᠢᠯᠲᠠᠨ ᠡᠯᠰᠡᠬᠦ ᠠᠵᠢᠯ ᠢ ᠡᠷᠲᠡᠬᠡᠨ ᠠᠴᠠ ᠵᠣᠬᠢᠶᠠᠨ ᠪᠠᠶᠢᠭᠤᠯᠤᠨ᠎ᠠ᠃ ᠪᠡᠭᠡᠵᠢᠩ ᠲᠢᠶᠠᠨᠵᠢᠨ ᠾᠧᠪᠧᠢ᠂ ᠵᠡᠭᠦᠨ ᠬᠤᠶᠢᠲᠤ ᠶᠢᠨ ᠭᠤᠷᠪᠠᠨ ᠮᠤᠵᠢ ᠵᠡᠷᠭᠡ ᠣᠷᠣᠨ ᠤ ᠭᠠᠳᠠᠨᠠᠬᠢ ᠳᠡᠭᠡᠳᠦ ᠰᠤᠷᠭᠠᠭᠤᠯᠢ ᠳᠤ ᠬᠦᠷᠴᠦ ᠴᠢᠳᠠᠪᠤᠷᠢᠲᠠᠨ ᠡᠯᠰᠡᠨ ᠣᠶᠤᠨ ᠣᠷᠣᠭᠤᠯᠬᠤ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠨᠠᠩ ᠣᠯᠠᠨ ᠳᠡᠭᠡᠳᠦ ᠰᠤᠷᠭᠠᠭᠤᠯᠢ ᠲᠡᠭᠦᠰᠦᠭᠰᠡᠳ ᠤᠨ ᠬᠥᠬᠡᠬᠤᠲᠠ ᠳᠤ ᠢᠷᠡᠵᠦ ᠠᠵᠢᠯ ᠣᠯᠬᠤ ᠪᠠ ᠬᠥᠬᠡᠬᠤᠲᠠ ᠳᠤ ᠪᠤᠴᠠᠵᠤ ᠠᠵᠢᠯ ᠣᠯᠬᠤ ᠶᠢ ᠠᠬᠢᠭᠤᠯᠤᠨ᠎ᠠ᠃ ︵ᠲᠦᠷᠦᠭᠦᠯᠡᠨ ᠬᠢᠬᠦ ᠨᠢᠭᠡᠴᠢ᠄ ᠬᠤᠲᠠ ᠶᠢᠨ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ︔ ᠬᠠᠷᠢᠭᠤᠴᠠᠯᠭᠠᠲᠤ ᠨᠢᠭᠡᠴᠢ᠄ ᠬᠤᠲᠠ ᠶᠢᠨ ᠨᠠᠮ ᠤᠨ ᠬᠤᠷᠢᠶ᠎ᠠ ᠶᠢᠨ ᠣᠷᠣᠨ ᠲᠤᠭ᠎ᠠ ᠶᠢᠨ ᠵᠥᠪᠯᠡᠯ ᠤᠨ ᠠᠯᠪᠠᠨ ᠭᠡᠷ᠂ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ︶      15. ᠡᠯ᠎ᠡ ᠲᠥᠷᠥᠯ ᠤᠨ ᠦᠨᠳᠦᠰᠦᠨ ᠱᠠᠲᠤᠨ ᠤ ᠦᠢᠯᠡᠴᠢᠯᠡᠭᠡᠨ ᠤ ᠲᠥᠯᠥᠪᠯᠡᠭᠡ ᠶᠢ ᠬᠡᠷᠡᠭᠵᠢᠭᠦᠯᠦᠨ᠎ᠡ᠃ ᠳᠤᠮᠳᠠ ᠵᠢᠵᠢᠭ ᠠᠵᠤ ᠠᠬᠤᠶᠢᠯᠠᠯ ᠤᠨ ᠴᠢᠳᠠᠪᠤᠷᠢᠲᠠᠨ ᠢ ᠨᠥᠭᠡᠴᠡᠯᠡᠬᠦ ᠲᠥᠯᠥᠪᠯᠡᠭᠡ ᠪᠠ ᠵᠠᠯᠠᠭᠤᠴᠤᠳ ᠤᠨ ᠳᠠᠳᠤᠯᠭ᠎ᠠ ᠶᠢᠨ ᠲᠥᠯᠥᠪᠯᠡᠭᠡ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠳᠡᠭᠡᠳᠦ ᠰᠤᠷᠭᠠᠭᠤᠯᠢ ᠲᠡᠭᠦᠰᠦᠭᠰᠡᠳ ᠤᠨ ︽ᠭᠤᠷᠪᠠ ᠶᠢ ᠳᠡᠮᠵᠢᠵᠦ ᠨᠢᠭᠡ ᠶᠢ ᠲᠡᠳᠬᠦᠬᠦ︾᠂ ᠠᠷᠠᠳ ᠤᠨ ᠠᠮᠢᠳᠤᠷᠠᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠲᠥᠯᠥᠪᠯᠡᠭᠡ ᠪᠠ ︽ᠪᠠᠷᠠᠭᠤᠨ ᠣᠷᠣᠨ ᠤ ᠰᠠᠶᠢᠨ ᠳᠤᠷ᠎ᠠ ᠶᠢᠨ ᠦᠢᠯᠡᠴᠢᠯᠡᠭᠴᠢ︾ ᠶᠢᠨ ᠲᠥᠯᠥᠪᠯᠡᠭᠡ ᠶᠢ ᠰᠠᠶᠢᠲᠤᠷ ᠨᠠᠶᠢᠳᠠᠪᠤᠷᠢᠵᠢᠭᠤᠯᠤᠨ᠎ᠠ᠃ ᠵᠢᠯ ᠤᠨ ᠳᠣᠲᠣᠷ᠎ᠠ ᠦᠨᠳᠦᠰᠦᠨ ᠱᠠᠲᠤᠨ ᠤ ᠦᠢᠯᠡᠴᠢᠯᠡᠭᠡᠨ ᠤ ᠲᠥᠷᠥᠯ ᠵᠦᠢᠯ ᠳᠤ 4000 ᠠᠴᠠ ᠳᠡᠭᠡᠭᠰᠢ ᠣᠶᠤᠲᠠᠨ ᠢ ᠡᠯᠰᠡᠨ ᠬᠡᠷᠡᠭᠯᠡᠨ᠎ᠡ᠃ ︵ᠲᠦᠷᠦᠭᠦᠯᠡᠨ ᠬᠢᠬᠦ ᠨᠢᠭᠡᠴᠢ᠄ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ︔ ᠬᠠᠷᠢᠭᠤᠴᠠᠯᠭᠠᠲᠤ ᠨᠢᠭᠡᠴᠢ᠄ ᠬᠤᠲᠠ ᠶᠢᠨ ᠡᠪᠯᠡᠯ ᠤᠨ ᠬᠤᠷᠢᠶ᠎ᠠ︶      16᠂ ᠵᠠᠰᠠᠭ ᠤᠨ ᠣᠷᠳᠣᠨ ᠤ ᠣᠯᠠᠨ ᠨᠡᠶᠢᠲᠡ ᠶᠢᠨ ᠬᠠᠮᠢᠶᠠᠷᠤᠯᠲᠠ ᠶᠢᠨ ᠠᠵᠢᠯ ᠤᠨ ᠪᠠᠶᠢᠷᠢ ᠶᠢ ᠨᠡᠭᠡᠭᠡᠨ ᠬᠥᠭᠵᠢᠭᠦᠯᠬᠦ ᠡᠷᠴᠢᠮ ᠢ ᠴᠢᠩᠭᠠᠷᠠᠭᠤᠯᠵᠤ᠂ ᠬᠤᠲᠠ ᠶᠢᠨ ᠰᠢᠭᠤᠳ ᠬᠠᠷᠢᠶ᠎ᠠ ᠰᠠᠯᠠᠭ᠎ᠠ ᠮᠥᠴᠢᠷ ᠪᠣᠯᠣᠨ ᠦᠨᠳᠦᠰᠦᠨ ᠱᠠᠲᠤᠨ ᠤ ᠲᠤᠬᠠᠶᠢᠯᠠᠭᠰᠠᠨ ᠠᠵᠢᠯ ᠤᠨ ᠬᠡᠷᠡᠭᠴᠡᠭᠡ ᠱᠠᠭᠠᠷᠳᠠᠯᠭ᠎ᠠ ᠶᠢ ᠭᠦᠨᠵᠡᠭᠡᠢ ᠠᠭᠤᠳᠠᠯᠵᠤ᠂ ᠲᠤᠰᠠᠯᠠᠬᠤ ᠴᠠᠭᠳᠠᠭ᠎ᠠ᠂ ᠣᠯᠠᠨ ᠨᠡᠶᠢᠲᠡ ᠶᠢᠨ ᠦᠢᠯᠡᠴᠢᠯᠡᠭᠡᠨ ᠤ ᠴᠣᠩᠬᠤ ᠵᠡᠷᠭᠡ ᠠᠵᠢᠯ ᠤᠨ ᠪᠠᠶᠢᠷᠢ ᠶᠢ ᠶᠡᠬᠡᠪᠡᠷ ᠨᠡᠭᠡᠭᠡᠨ ᠬᠥᠭᠵᠢᠭᠦᠯᠵᠦ᠂ ᠵᠠᠰᠠᠭ ᠤᠨ ᠣᠷᠳᠣᠨ ᠦᠢᠯᠡᠴᠢᠯᠡᠭᠡ ᠬᠤᠳᠠᠯᠳᠤᠨ ᠠᠪᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠣᠶᠤᠲᠠᠳ ᠤᠨ ᠦᠨᠳᠦᠰᠦᠨ ᠱᠠᠲᠤᠨ ᠳᠤ ᠣᠴᠢᠵᠤ ᠠᠵᠢᠯ ᠣᠯᠬᠤ ᠶᠢ ᠠᠬᠢᠭᠤᠯᠤᠨ᠎ᠠ᠃ ︵ᠲᠦᠷᠦᠭᠦᠯᠡᠨ ᠬᠢᠬᠦ ᠨᠢᠭᠡᠴᠢ᠄ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ︔ ᠬᠠᠷᠢᠭᠤᠴᠠᠯᠭᠠᠲᠤ ᠨᠢᠭᠡᠴᠢ᠄ ᠬᠤᠲᠠ ᠶᠢᠨ ᠡᠯ᠎ᠡ ᠬᠠᠮᠢᠶ᠎ᠠ ᠪᠦᠬᠦᠢ ᠵᠥᠪᠯᠡᠯ᠂ ᠠᠯᠪᠠᠨ ᠭᠡᠷ᠂ ᠲᠣᠪᠴᠢᠶ᠎ᠠ᠂ ᠡᠯ᠎ᠡ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ︶      ︵ᠳᠣᠯᠤᠭ᠎ᠠ︶ ︽ᠰᠤᠷᠭᠠᠭᠤᠯᠢ ᠳᠤ ᠣᠷᠣᠵᠤ ᠠᠵᠢᠯ ᠤᠨ ᠪᠠᠶᠢᠷᠢ ᠬᠦᠷᠭᠡᠬᠦ ᠠᠵᠢᠯᠯᠠᠭ᠎ᠠ︾ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ      17. ᠠᠵᠢᠯ ᠤᠨ ᠪᠠᠶᠢᠷᠢ ᠶᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠠᠵᠢᠯᠯᠠᠭ᠎ᠠ ᠶᠢ ᠥᠷᠨᠢᠭᠦᠯᠦᠨ᠎ᠡ᠃ ᠳᠡᠭᠡᠳᠦ ᠰᠤᠷᠭᠠᠭᠤᠯᠢ ᠲᠡᠭᠦᠰᠦᠭᠰᠡᠳ ᠢ ᠲᠥᠷᠥᠯ ᠬᠤᠪᠢᠶᠠᠭᠰᠠᠨ ᠡᠬᠡ ᠲᠠᠩᠰᠠ ᠶᠢ ᠡᠮᠬᠢᠯᠡᠨ ᠪᠠᠶᠢᠭᠤᠯᠵᠤ᠂ ᠲᠤᠰᠬᠠᠢ ᠵᠦᠢᠯ ᠤᠨ ᠠᠵᠢᠯ ᠤᠨ ᠪᠠᠶᠢᠷᠢ ᠬᠦᠷᠭᠡᠬᠦ ᠦᠢᠯᠡᠴᠢᠯᠡᠭᠡ ᠶᠢ ᠴᠢᠭᠯᠡᠭᠦᠯᠦᠯᠲᠡ ᠴᠢᠨᠠᠷᠲᠠᠢ ᠥᠷᠨᠢᠭᠦᠯᠦᠨ᠎ᠡ᠃ ᠬᠥᠬᠡᠬᠤᠲᠠ ᠳᠤ ᠰᠠᠭᠤᠭ᠎ᠠ ᠳᠡᠭᠡᠳᠦ ᠰᠤᠷᠭᠠᠭᠤᠯᠢ ᠶᠢᠨ ᠴᠢᠳᠠᠪᠤᠷᠢᠲᠠᠨ ᠤ ᠦᠢᠯᠡᠴᠢᠯᠡᠭᠡᠨ ᠤ ᠠᠵᠢᠯ ᠤᠨ ᠥᠷᠲᠡᠭᠡ ᠶᠢᠨ ᠴᠢᠳᠠᠮᠵᠢ ᠶᠢ ᠪᠠᠳᠠᠷᠠᠭᠤᠯᠵᠤ᠂ ᠳᠡᠭᠡᠳᠦ ᠰᠤᠷᠭᠠᠭᠤᠯᠢ ᠶᠢᠨ ᠰᠤᠷᠭᠠᠭᠤᠯᠢ ᠶᠢᠨ ᠬᠦᠷᠢᠶᠡᠨ ᠤ ᠰᠦᠯᠵᠢᠶ᠎ᠡ ᠬᠢᠭᠡᠳ ᠣᠯᠠᠨ ᠨᠡᠶᠢᠲᠡ ᠶᠢᠨ ᠠᠵᠢᠯ ᠣᠯᠭᠤᠯᠲᠠ ᠴᠢᠳᠠᠪᠤᠷᠢᠲᠠᠨ ᠤ ᠦᠢᠯᠡᠴᠢᠯᠡᠭᠡᠨ ᠤ ᠰᠦᠯᠵᠢᠶ᠎ᠡ ᠶᠢ ᠪᠦᠬᠦ ᠲᠠᠯ᠎ᠠ ᠪᠠᠷ ᠵᠠᠯᠭᠠᠯᠳᠤᠬᠤ ᠶᠢ ᠠᠬᠢᠭᠤᠯᠤᠨ᠎ᠠ᠃ ᠣᠯᠠᠨ ᠨᠡᠶᠢᠲᠡ ᠶᠢᠨ ᠠᠵᠢᠯ ᠣᠯᠭᠤᠬᠤ ᠦᠢᠯᠡᠴᠢᠯᠡᠭᠡᠨ ᠤ ᠪᠠᠶᠢᠭᠤᠯᠤᠮᠵᠢ ᠨᠤᠭᠤᠳ ᠳᠡᠭᠡᠳᠦ ᠰᠤᠷᠭᠠᠭᠤᠯᠢ ᠲᠡᠭᠦᠰᠦᠭᠰᠡᠳ ᠲᠤ ᠲᠣᠬᠢᠷᠠᠬᠤ ᠠᠵᠢᠯ ᠤᠨ ᠪᠠᠶᠢᠷᠢ ᠶᠢᠨ ᠮᠡᠳᠡᠭᠡ ᠵᠠᠩᠭᠢ ᠶᠢ ᠥᠷᠭᠡᠨ ᠢᠶᠠᠷ ᠴᠤᠭᠯᠠᠭᠤᠯᠤᠨ ᠰᠢᠯᠢᠨ ᠰᠣᠩᠭᠤᠵᠤ᠂ ᠣᠯᠠᠨ ᠨᠡᠶᠢᠲᠡ ᠶᠢᠨ ᠠᠵᠢᠯᠲᠠᠨ ᠡᠯᠰᠡᠬᠦ ᠰᠦᠯᠵᠢᠶ᠎ᠡ ᠵᠡᠷᠭᠡ ᠲᠠᠪᠴᠠᠩ ᠢᠶᠠᠷ ᠴᠠᠭ ᠲᠤᠬᠠᠢ ᠳᠤᠨᠢ ᠨᠡᠶᠢᠲᠡᠯᠡᠵᠦ᠂ ᠬᠥᠬᠡᠬᠤᠲᠠ ᠳᠤ ᠰᠠᠭᠤᠭ᠎ᠠ ᠳᠡᠭᠡᠳᠦ ᠰᠤᠷᠭᠠᠭᠤᠯᠢ ᠲᠡᠭᠦᠰᠦᠭᠰᠡᠳ ᠤᠨ ᠬᠥᠬᠡᠬᠤᠲᠠ ᠳᠤ ᠦᠯᠡᠳᠡᠵᠦ ᠠᠵᠢᠯ ᠣᠯᠵᠤ ᠠᠳᠠᠯ ᠦᠢᠯᠡᠰ ᠴᠣᠭᠴᠠᠯᠠᠬᠤ ᠶᠢ ᠠᠬᠢᠭᠤᠯᠤᠨ᠎ᠠ᠃ ︵ᠲᠦᠷᠦᠭᠦᠯᠡᠨ ᠬᠢᠬᠦ ᠨᠢᠭᠡᠴᠢ᠄ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ︔ ᠬᠠᠷᠢᠭᠤᠴᠠᠯᠭᠠᠲᠤ ᠨᠢᠭᠡᠴᠢ᠄ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ᠂ ᠡᠯ᠎ᠡ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ︶      18. ᠠᠵᠢᠯ ᠣᠯᠭᠤᠬᠤ ᠲᠥᠷᠥ ᠶᠢᠨ ᠪᠣᠳᠣᠯᠭ᠎ᠠ ᠶᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠠᠵᠢᠯᠯᠠᠭ᠎ᠠ ᠶᠢ ᠥᠷᠨᠢᠭᠦᠯᠦᠨ᠎ᠡ᠃ ᠠᠵᠢᠯ ᠣᠯᠵᠤ ᠠᠳᠠᠯ ᠦᠢᠯᠡᠰ ᠴᠣᠭᠴᠠᠯᠠᠬᠤ ᠶᠢ ᠲᠡᠳᠬᠦᠬᠦ ᠲᠥᠷᠥ ᠶᠢᠨ ᠪᠣᠳᠣᠯᠭ᠎ᠠ ᠶᠢᠨ ᠨᠠᠷᠢᠨ ᠬᠠᠭᠤᠳᠠᠰᠤ ᠶᠢ ᠨᠠᠶᠢᠷᠠᠭᠤᠯᠤᠨ ᠵᠣᠬᠢᠶᠠᠵᠤ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠦᠢᠯᠡᠴᠢᠯᠡᠭᠡ ᠶᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ᠂ ᠲᠥᠷᠥ ᠶᠢᠨ ᠪᠣᠳᠣᠯᠭ᠎ᠠ ᠶᠢᠨ ᠬᠠᠪᠰᠤᠷᠤᠨ ᠵᠢᠯᠣᠭᠤᠳᠤᠯᠭ᠎ᠠ ᠶᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠵᠡᠷᠭᠡ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠠᠵᠢᠯ ᠣᠯᠭᠤᠬᠤ ᠴᠢᠭᠯᠡᠯᠲᠡ ᠪᠠ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠥᠷᠭᠡᠨ ᠢᠶᠠᠷ ᠤᠬᠠᠭᠤᠯᠤᠨ᠂ ᠬᠥᠬᠡᠬᠤᠲᠠ ᠶᠢ ᠶᠡᠬᠡᠪᠡᠷ ᠲᠠᠨᠢᠯᠴᠠᠭᠤᠯᠤᠨ ᠤᠬᠠᠭᠤᠯᠵᠤ᠂ ᠣᠶᠤᠲᠠᠳ ᠤᠨ ᠣᠷᠣᠨ ᠤ ᠲᠥᠪ ᠢᠶᠠᠨ ᠬᠠᠶᠢᠷᠠᠯᠠᠬᠤ᠂ ᠣᠷᠣᠨ ᠤ ᠲᠥᠪ ᠲᠤ ᠦᠨᠳᠦᠰᠦ ᠬᠠᠳᠬᠤᠬᠤ᠂ ᠣᠷᠣᠨ ᠤ ᠲᠥᠪ ᠢ ᠪᠦᠲᠦᠭᠡᠨ ᠪᠠᠶᠢᠭᠤᠯᠬᠤ ᠢᠳᠡᠪᠬᠢᠵᠢᠯ ᠪᠠ ᠰᠠᠨᠠᠭᠠᠴᠢᠯᠠᠭᠠᠲᠤ ᠴᠢᠨᠠᠷ ᠢ ᠳᠡᠭᠡᠭᠰᠢᠯᠡᠭᠦᠯᠦᠨ᠎ᠡ᠃ ᠵᠢᠯ ᠤᠨ ᠳᠣᠲᠣᠷ᠎ᠠ ᠠᠵᠢᠯ ᠣᠯᠭᠤᠬᠤ ᠲᠥᠷᠥ ᠶᠢᠨ ᠪᠣᠳᠣᠯᠭ᠎ᠠ ᠶᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠠᠵᠢᠯᠯᠠᠭ᠎ᠠ ᠶᠢ 30 ᠠᠴᠠ ᠳᠤᠲᠠᠭᠤ ᠦᠭᠡᠢ ᠲᠠᠯᠠᠪᠠᠢ ᠥᠷᠨᠢᠭᠦᠯᠦᠨ᠎ᠡ᠃ ︵ᠲᠦᠷᠦᠭᠦᠯᠡᠨ ᠬᠢᠬᠦ ᠨᠢᠭᠡᠴᠢ᠄ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ︔ ᠬᠠᠷᠢᠭᠤᠴᠠᠯᠭᠠᠲᠤ ᠨᠢᠭᠡᠴᠢ᠄ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ᠂ ᠡᠯ᠎ᠡ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ︶      19. ᠰᠤᠷᠭᠠᠭᠤᠯᠢ ᠠᠴᠠ ᠪᠠᠨ ᠰᠠᠯᠤᠭᠠᠳ ᠠᠵᠢᠯ ᠣᠯᠣᠭᠠᠳᠤᠢ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ ᠰᠢᠪᠲᠤᠯᠤᠯᠲᠠ ᠶᠢᠨ ᠠᠵᠢᠯᠯᠠᠭ᠎ᠠ ᠶᠢ ᠬᠡᠷᠡᠭᠵᠢᠭᠦᠯᠦᠨ᠎ᠡ᠃ ᠰᠤᠷᠭᠠᠭᠤᠯᠢ ᠠᠴᠠ ᠪᠠᠨ ᠰᠠᠯᠤᠭᠠᠳ ᠠᠵᠢᠯ ᠣᠯᠣᠭᠠᠳᠤᠢ ᠳᠡᠭᠡᠳᠦ ᠰᠤᠷᠭᠠᠭᠤᠯᠢ ᠲᠡᠭᠦᠰᠦᠭᠰᠡᠳ ᠤᠨ ᠦᠨᠡᠨ ᠨᠡᠷ᠎ᠡ ᠶᠢᠨ ᠳᠦᠷᠢᠮ ᠤᠨ ᠮᠡᠳᠡᠭᠡ ᠵᠠᠩᠭᠢ ᠶᠢ ᠲᠡᠭᠦᠯᠳᠡᠷᠵᠢᠭᠦᠯᠵᠦ᠂ ᠬᠥᠬᠡᠬᠤᠲᠠ ᠶᠢᠨ ᠡᠷᠦᠬᠡ ᠠᠮᠠ ᠶᠢᠨ ᠲᠠᠩᠰᠠ ᠲᠠᠢ᠂ ᠬᠥᠬᠡᠬᠤᠲᠠ ᠳᠤ ᠪᠠᠶᠢᠩᠭᠤ ᠰᠠᠭᠤᠭ᠎ᠠ ᠪᠠ ᠭᠠᠳᠠᠷ ᠣᠷᠣᠨ ᠠᠴᠠ ᠬᠥᠬᠡᠬᠤᠲᠠ ᠳᠤ ᠠᠵᠢᠯ ᠡᠷᠢᠬᠦ ᠪᠠᠷ ᠢᠷᠡᠭᠰᠡᠨ ᠲᠣᠰ ᠬᠤᠭᠤᠴᠠᠭᠠᠨ ᠤ ᠰᠤᠷᠭᠠᠭᠤᠯᠢ ᠠᠴᠠ ᠪᠠᠨ ᠰᠠᠯᠤᠭᠠᠳ ᠠᠵᠢᠯ ᠣᠯᠣᠭᠠᠳᠤᠢ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ ᠦᠢᠯᠡᠴᠢᠯᠡᠭᠡ ᠬᠠᠩᠭᠠᠬᠤ ᠪᠠ ᠬᠠᠪᠰᠤᠷᠤᠨ ᠳᠡᠮᠵᠢᠵᠦ᠂ ᠮᠠᠨ ᠤ ᠬᠤᠲᠠ ᠶᠢᠨ ᠰᠤᠷᠭᠠᠭᠤᠯᠢ  ᠠᠴᠠ ᠪᠠᠨ ᠰᠠᠯᠤᠭᠠᠳ ᠠᠵᠢᠯ ᠣᠯᠣᠭᠠᠳᠤᠢ ᠳᠡᠭᠡᠳᠦ ᠰᠤᠷᠭᠠᠭᠤᠯᠢ ᠲᠡᠭᠦᠰᠦᠭᠰᠡᠳ ᠲᠤ ᠭᠦᠢᠴᠡᠳ ᠠᠵᠢᠯ ᠣᠯᠭᠤᠬᠤ ᠶᠢ ᠠᠬᠢᠭᠤᠯᠤᠨ᠎ᠠ᠃ ᠵᠢᠯ ᠤᠨ ᠳᠣᠲᠣᠷ᠎ᠠ ᠰᠤᠷᠭᠠᠭᠤᠯᠢ ᠠᠴᠠ ᠪᠠᠨ ᠰᠠᠯᠤᠭᠠᠳ ᠠᠵᠢᠯ ᠣᠯᠣᠭᠠᠳᠤᠢ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ ᠣᠯᠭᠤᠯᠲᠠ ᠶᠢᠨ ᠨᠤᠷᠮ᠎ᠠ ᠶᠢ 90% ᠠᠴᠠ ᠳᠠᠪᠠᠭᠤᠯᠤᠨ᠎ᠠ᠃ ︵ᠲᠦᠷᠦᠭᠦᠯᠡᠨ ᠬᠢᠬᠦ ᠨᠢᠭᠡᠴᠢ᠄ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ︔ ᠬᠠᠷᠢᠭᠤᠴᠠᠯᠭᠠᠲᠤ ᠨᠢᠭᠡᠴᠢ᠄ ᠡᠯ᠎ᠡ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ︶      ︵ᠨᠠᠢᠮᠠ︶ ︽ᠠᠮᠤᠭᠤᠯᠠᠩ ᠣᠷᠣᠨ ᠰᠠᠭᠤᠴᠠ ᠶᠢᠨ ᠪᠠᠲᠤᠯᠠᠭ᠎ᠠ ᠶᠢᠨ ᠠᠵᠢᠯᠯᠠᠭ᠎ᠠ︾ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ      20. ᠣᠷᠣᠨ ᠰᠠᠭᠤᠴᠠ ᠶᠢᠨ ᠡᠬᠢ ᠪᠠᠶᠠᠯᠢᠭ ᠤᠨ ᠬᠠᠩᠭᠠᠯᠭ᠎ᠠ ᠶᠢ ᠨᠡᠮᠡᠭᠳᠡᠭᠦᠯᠦᠨ᠎ᠡ᠃ 2024 ᠣᠨ ᠳᠤ ᠲᠥᠪᠯᠡᠷᠡᠭᠦᠯᠦᠨ ᠰᠢᠨ᠎ᠡ ᠪᠠᠷ ᠪᠠᠶᠢᠭᠤᠯᠬᠤ᠂ ᠠᠵᠤ ᠠᠬᠤᠶᠢᠯᠠᠯ ᠠᠴᠠ ᠲᠣᠬᠢᠷᠠᠭᠤᠯᠤᠨ ᠪᠠᠶᠢᠭᠤᠯᠬᠤ ᠪᠠ ᠵᠠᠬ᠎ᠠ ᠳᠡᠯᠭᠡᠭᠦᠷ ᠠᠴᠠ ᠬᠤᠳᠠᠯᠳᠤᠨ ᠠᠪᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ 2000 ᠨᠡᠶᠢᠲᠡ ᠶᠢᠨ ᠲᠦᠷᠢᠶᠡᠰᠦᠨ ᠣᠷᠣᠨ ᠰᠠᠭᠤᠴᠠ᠂ 3000 ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠴᠤᠭᠯᠠᠭᠤᠯᠤᠨ᠎ᠠ᠃ ᠮᠠᠨ ᠤ ᠬᠤᠲᠠ ᠳᠤ ᠭᠡᠷ ᠪᠠᠶᠢᠰᠢᠩ ᠦᠭᠡᠢ ᠵᠠᠯᠠᠭᠤᠴᠤᠳ ᠂ ᠰᠢᠨ᠎ᠡ ᠬᠤᠲᠠ ᠶᠢᠨ ᠠᠷᠠᠳ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠭᠤᠶᠤᠴᠢᠯᠠᠵᠤ ᠰᠠᠭᠤᠬᠤ ᠳᠤ᠂ ᠲᠦᠷᠢᠶᠡᠰᠦᠨ ᠮᠥᠩᠭᠦ ᠶᠢ ᠵᠠᠬ᠎ᠠ ᠳᠡᠯᠭᠡᠭᠦᠷ ᠤᠨ ᠦᠨ᠎ᠡ ᠶᠢᠨ 70% ᠠᠴᠠ ᠬᠡᠲᠦᠷᠡᠭᠦᠯᠬᠦ ᠦᠭᠡᠢ᠃ ︵ᠲᠦᠷᠦᠭᠦᠯᠡᠨ ᠬᠢᠬᠦ ᠨᠢᠭᠡᠴᠢ᠄ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ︔ ᠬᠠᠷᠢᠭᠤᠴᠠᠯᠭᠠᠲᠤ ᠨᠢᠭᠡᠴᠢ᠄ ᠡᠯ᠎ᠡ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠬᠤᠷᠢᠨᠭᠡᠷ ᠰᠢᠨ᠎ᠡ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ︶      21. ᠳᠡᠭᠡᠳᠦ ᠰᠤᠷᠭᠠᠭᠤᠯᠢ ᠲᠡᠭᠦᠰᠦᠭᠰᠡᠳ ᠤᠨ ᠭᠡᠷ ᠪᠠᠶᠢᠰᠢᠩ ᠲᠦᠷᠢᠶᠡᠰᠦᠯᠡᠬᠦ ᠪᠠ ᠬᠤᠳᠠᠯᠳᠤᠨ ᠠᠪᠬᠤ ᠳᠤ ᠨᠥᠬᠦᠪᠦᠷᠢ ᠥᠭᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠡᠷᠴᠢᠮ ᠢ ᠴᠢᠩᠭᠠᠷᠠᠭᠤᠯᠤᠨ᠎ᠠ᠃ ᠬᠢᠨᠠᠨ ᠵᠥᠪᠰᠢᠶᠡᠷᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠰᠠᠯᠠᠭ᠎ᠠ ᠮᠥᠴᠢᠷ ᠤᠨ ᠬᠠᠮᠲᠤᠷᠠᠨ ᠬᠥᠳᠡᠯᠦᠯᠴᠡᠬᠦ ᠶᠢ ᠴᠢᠩᠭᠠᠳᠬᠠᠨ᠎ᠠ᠃ ᠭᠡᠷ ᠪᠠᠶᠢᠰᠢᠩ ᠲᠦᠷᠢᠶᠡᠰᠦᠯᠡᠬᠦ ᠪᠠ ᠬᠤᠳᠠᠯᠳᠤᠨ ᠠᠪᠬᠤ ᠨᠥᠬᠦᠪᠦᠷᠢ ᠶᠢᠨ ᠲᠥᠷᠥ ᠶᠢᠨ ᠪᠣᠳᠣᠯᠭ᠎ᠠ ᠶᠢ ᠦᠨᠡᠨᠬᠦ ᠨᠠᠶᠢᠳᠠᠪᠤᠷᠢᠵᠢᠭᠤᠯᠵᠤ᠂ ᠬᠢᠨᠠᠨ ᠵᠥᠪᠰᠢᠶᠡᠷᠡᠬᠦ ᠶᠣᠰᠣᠲᠠᠢ ᠶᠢ ᠪᠦᠬᠦᠨ ᠢ ᠬᠢᠨᠠᠨ ᠵᠥᠪᠰᠢᠶᠡᠷᠡᠵᠦ᠂ ᠲᠠᠷᠬᠠᠭᠠᠬᠤ ᠶᠣᠰᠣᠲᠠᠢ ᠶᠢ ᠪᠦᠬᠦᠨ ᠢ ᠲᠠᠷᠬᠠᠭᠠᠵᠤ᠂ ᠡᠳ᠋ᠯᠡᠬᠦ ᠶᠣᠰᠣᠲᠠᠢ ᠶᠢ ᠪᠦᠬᠦᠨ ᠢ ᠡᠳ᠋ᠯᠡᠭᠦᠯᠦᠨ᠎ᠡ᠃ ︵ᠲᠦᠷᠦᠭᠦᠯᠡᠨ ᠬᠢᠬᠦ ᠨᠢᠭᠡᠴᠢ᠄ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ︔ ᠬᠠᠷᠢᠭᠤᠴᠠᠯᠭᠠᠲᠤ ᠨᠢᠭᠡᠴᠢ᠄ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ︶      22. ᠬᠦᠷᠢᠶᠡᠯᠡᠩ ᠲᠣᠭᠤᠷᠢᠭ᠂ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠪᠠᠶᠢᠷᠢ᠂ ᠴᠢᠳᠠᠪᠤᠷᠢᠲᠠᠨ ᠤ ᠨᠡᠶᠢᠲᠡ ᠶᠢᠨ ᠪᠠᠶᠢᠷᠢ ᠵᠡᠷᠭᠡ ᠢᠵᠢ ᠪᠦᠷᠢᠳᠦᠭᠦᠯᠬᠦ ᠪᠡᠯᠡᠳᠬᠡᠮᠵᠢ ᠪᠠᠶᠢᠭᠤᠯᠬᠤ ᠶᠢ ᠵᠣᠷᠢᠭᠵᠢᠭᠤᠯᠤᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠪᠠᠶᠢᠷᠢ ᠪᠠ ᠴᠢᠳᠠᠪᠤᠷᠢᠲᠠᠨ ᠤ ᠨᠡᠶᠢᠲᠡ ᠶᠢᠨ ᠪᠠᠶᠢᠷᠢ ᠪᠠᠶᠢᠭᠤᠯᠬᠤ ᠳᠤ ᠲᠥᠬᠦᠮ ᠦᠵᠡᠭᠦᠯᠬᠦ ᠦᠢᠯᠡᠴᠢᠯᠡᠭᠡ ᠬᠠᠩᠭᠠᠬᠤ ᠶᠢᠨ ᠬᠠᠮᠲᠤ ᠲᠣᠭᠲᠠᠭᠠᠯ ᠶᠣᠰᠣᠭᠠᠷ ᠬᠤᠯᠪᠣᠭᠳᠠᠯ ᠪᠦᠬᠦᠢ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠡᠳ᠋ᠯᠡᠭᠦᠯᠦᠨ᠎ᠡ᠃ ᠥᠮᠴᠢᠯᠡᠯ ᠤᠨ ᠡᠷᠬᠡ ᠨᠢ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠳᠤ ᠬᠠᠷᠢᠶᠠᠯᠠᠭᠳᠠᠪᠠᠯ᠂ ᠲᠥᠷᠥᠯ ᠵᠦᠢᠯ ᠤᠨ ᠪᠡᠯᠡ ᠣᠷᠣᠭᠤᠯᠤᠯᠲᠠ ᠶᠢᠨ ᠲᠤᠭ᠎ᠠ ᠶᠢᠨ 15% ᠪᠠᠷ ᠨᠥᠬᠦᠪᠦᠷᠢ ᠣᠯᠭᠤᠵᠤ᠂ ᠬᠠᠮᠤᠭ ᠥᠨᠳᠥᠷ ᠲᠡᠭᠡᠨ 2000 ᠲᠦᠮᠡᠨ ᠲᠥᠭᠦᠷᠢᠭ ᠤᠨ ᠨᠥᠬᠦᠪᠦᠷᠢ ᠣᠯᠭᠤᠨ᠎ᠠ᠃ ︵ᠲᠦᠷᠦᠭᠦᠯᠡᠨ ᠬᠢᠬᠦ ᠨᠢᠭᠡᠴᠢ᠄ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠣᠪᠴᠢᠶ᠎ᠠ︔ ᠬᠠᠷᠢᠭᠤᠴᠠᠯᠭᠠᠲᠤ ᠨᠢᠭᠡᠴᠢ᠄ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠡᠯ᠎ᠡ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠡᠯ᠎ᠡ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ︶      ᠭᠤᠷᠪᠠ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ      ︵ᠨᠢᠭᠡ︶ ᠵᠣᠬᠢᠶᠠᠨ ᠪᠠᠶᠢᠭᠤᠯᠤᠨ ᠤᠳᠤᠷᠢᠳᠬᠤ ᠪᠠᠨ ᠴᠢᠩᠭᠠᠳᠬᠠᠨ᠎ᠠ᠃ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠬᠢᠭᠡᠳ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠲᠦᠷᠦᠭᠦᠯᠡᠨ ᠶᠡᠷᠦᠩᠬᠡᠢ ᠠᠵᠢᠯ ᠢ ᠠᠳᠬᠤᠬᠤ ᠦᠢᠯᠡᠳᠦᠯ ᠢᠶᠠᠨ ᠪᠠᠳᠠᠷᠠᠭᠤᠯᠵᠤ᠂ ᠡᠯ᠎ᠡ ᠵᠦᠢᠯ ᠤᠨ ᠠᠵᠢᠯᠯᠠᠭ᠎ᠠ ᠶᠢᠨ ᠬᠠᠷᠢᠭᠤᠴᠠᠯᠭᠠᠲᠤ ᠰᠠᠯᠠᠭ᠎ᠠ ᠮᠥᠴᠢᠷ᠂ ᠬᠠᠷᠢᠭᠤᠴᠠᠯᠭᠠᠲᠠᠨ ᠪᠠ ᠭᠤᠣᠯᠳᠠᠯᠭ᠎ᠠ ᠲᠠᠢ ᠡᠭᠦᠷᠭᠡ ᠶᠢ ᠲᠣᠳᠣᠷᠬᠠᠶᠢᠯᠠᠬᠤ ᠬᠡᠷᠡᠭᠲᠡᠢ᠃ ᠡᠯ᠎ᠡ ᠵᠦᠢᠯ ᠤᠨ ᠠᠵᠢᠯᠯᠠᠭ᠎ᠠ ᠶᠢᠨ ᠲᠦᠷᠦᠭᠦᠯᠡᠨ ᠬᠢᠬᠦ ᠨᠢᠭᠡᠴᠢ ᠵᠢᠴᠢ ᠬᠠᠷᠢᠭᠤᠴᠠᠯᠭᠠᠲᠤ ᠨᠢᠭᠡᠴᠢ ᠨᠦᠭᠦᠳ ᠲᠣᠰ ᠠᠵᠢᠯᠯᠠᠭ᠎ᠠ ᠶᠢᠨ ᠲᠥᠰᠥᠯ ᠤᠨ ᠰᠠᠭᠤᠷᠢᠨ ᠳᠡᠭᠡᠷ᠎ᠡ ᠨᠠᠶᠢᠳᠠᠪᠤᠷᠢᠵᠢᠭᠤᠯᠬᠤ ᠲᠥᠰᠥᠯ ᠲᠣᠭᠲᠠᠭᠠᠵᠤ᠂ ᠠᠷᠭ᠎ᠠ ᠬᠡᠮᠵᠢᠶ᠎ᠡ ᠪᠠᠨ ᠤᠯᠠᠮ ᠨᠢᠭᠡ ᠠᠯᠬᠤᠮ ᠨᠠᠷᠢᠯᠢᠭᠵᠢᠭᠤᠯᠤᠨ᠂ ᠪᠣᠳᠠᠲᠠᠢ ᠠᠭᠤᠯᠭ᠎ᠠ ᠪᠠ ᠪᠡᠶᠡᠯᠡᠭᠦᠯᠬᠦ ᠴᠠᠭ ᠢ ᠲᠣᠳᠣᠷᠬᠠᠶᠢᠯᠠᠬᠤ ᠶᠢᠨ ᠬᠠᠮᠲᠤ ᠲᠦᠷᠦᠭᠦᠯᠡᠨ ᠬᠢᠬᠦ ᠨᠢᠭᠡᠴᠢ ᠶᠢᠨ ᠵᠣᠬᠢᠴᠠᠭᠤᠯᠤᠨ ᠠᠬᠢᠭᠤᠯᠬᠤ ᠲᠣᠭᠲᠠᠴᠠ ᠶᠢ ᠪᠠᠶᠢᠭᠤᠯᠵᠤ᠂ ᠰᠠᠷ᠎ᠠ ᠪᠠᠷ ᠲᠣᠬᠢᠷᠠᠭᠤᠯᠬᠤ᠂ ᠤᠯᠠᠷᠢᠯ ᠢᠶᠠᠷ ᠮᠡᠳᠡᠭᠡᠯᠡᠬᠦ ᠳᠦᠷᠢᠮ ᠢ ᠬᠡᠷᠡᠭᠵᠢᠭᠦᠯᠦᠨ᠂ ᠡᠯ᠎ᠡ ᠵᠦᠢᠯ ᠤᠨ ᠠᠵᠢᠯᠯᠠᠭ᠎ᠠ ᠶᠢ ᠪᠣᠳᠠᠲᠠᠢ ᠨᠠᠶᠢᠳᠠᠪᠤᠷᠢᠵᠢᠭᠤᠯᠬᠤ ᠬᠡᠷᠡᠭᠲᠡᠢ᠃      ︵ᠬᠤᠶᠠᠷ︶ ᠰᠠᠯᠠᠭ᠎ᠠ ᠮᠥᠴᠢᠷ ᠤᠨ ᠵᠣᠬᠢᠴᠠᠭᠤᠯᠭ᠎ᠠ ᠶᠢ ᠴᠢᠩᠭᠠᠳᠬᠠᠨ᠎ᠠ᠃ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠠᠴᠠ ᠬᠥᠭᠵᠢᠭᠦᠯᠦᠯᠲᠡ ᠥᠭᠡᠷᠡᠴᠢᠯᠡᠯᠲᠡ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ᠂ ᠬᠤᠳᠠᠯᠳᠤᠭᠠᠨ ᠤ ᠶᠠᠪᠤᠳᠠᠯ᠂ ᠰᠢᠨᠵᠢᠯᠡᠬᠦ ᠤᠬᠠᠭᠠᠨ ᠮᠡᠷᠭᠡᠵᠢᠯ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠵᠡᠷᠭᠡ ᠰᠠᠯᠠᠭ᠎ᠠ ᠮᠥᠴᠢᠷ ᠯᠦᠭᠡ ᠢᠳᠡᠪᠬᠢᠲᠡᠢ ᠪᠠᠷ ᠵᠣᠯᠭᠠᠭᠤᠯᠤᠨ ᠬᠠᠷᠢᠯᠴᠠᠵᠤ᠂ ᠠᠵᠢᠯ ᠤᠨ ᠨᠡᠶᠢᠯᠡᠮᠡᠯ ᠬᠦᠴᠦᠨ ᠢ ᠪᠣᠶ ᠪᠣᠯᠭᠠᠬᠤ ᠬᠡᠷᠡᠭᠲᠡᠢ᠃ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠡᠯ᠎ᠡ ᠰᠠᠯᠠᠭ᠎ᠠ ᠮᠥᠴᠢᠷ ᠬᠥᠬᠡᠬᠤᠲᠠ ᠳᠤ ᠰᠠᠭᠤᠭ᠎ᠠ ᠳᠡᠭᠡᠳᠦ ᠰᠤᠷᠭᠠᠭᠤᠯᠢ ᠯᠤᠭ᠎ᠠ ᠰᠠᠨᠠᠭᠠᠴᠢᠯᠠᠭ᠎ᠠ ᠠᠴᠠ ᠪᠠᠨ ᠨᠡᠪᠲᠡᠷᠡᠯᠴᠡᠨ ᠬᠠᠷᠢᠯᠴᠠᠵᠤ᠂ ᠬᠥᠬᠡᠬᠤᠲᠠ ᠳᠤ ᠰᠠᠭᠤᠭ᠎ᠠ ᠳᠡᠭᠡᠳᠦ ᠰᠤᠷᠭᠠᠭᠤᠯᠢ ᠶᠢᠨ ᠠᠵᠢᠯ ᠣᠯᠭᠤᠵᠤ ᠠᠳᠠᠯ ᠦᠢᠯᠡᠰ ᠴᠣᠭᠴᠠᠯᠠᠬᠤ ᠠᠵᠢᠯ ᠤᠨ ᠬᠠᠷᠢᠯᠴᠠᠬᠤ ᠥᠷᠲᠡᠭᠡ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠂ ᠰᠤᠷᠭᠠᠭᠤᠯᠢ ᠳᠤ ᠪᠠᠶᠢᠭ᠎ᠠ ᠰᠤᠷᠤᠭᠴᠢᠳ ᠲᠤ ᠴᠢᠨᠠᠷ ᠰᠠᠶᠢᠲᠠᠢ ᠠᠵᠢᠯ ᠣᠯᠵᠤ ᠠᠳᠠᠯ ᠦᠢᠯᠡᠰ ᠴᠣᠭᠴᠠᠯᠠᠬᠤ ᠦᠢᠯᠡᠴᠢᠯᠡᠭᠡ ᠬᠠᠩᠭᠠᠬᠤ ᠬᠡᠷᠡᠭᠲᠡᠢ᠃      ︵ᠭᠤᠷᠪᠠ︶ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠤᠨ᠎ᠠ᠃ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠡᠯ᠎ᠡ ᠰᠠᠯᠠᠭ᠎ᠠ ᠮᠥᠴᠢᠷ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠣᠶᠤᠲᠠᠳ ᠢ ᠬᠥᠬᠡᠬᠤᠲᠠ ᠳᠤ ᠦᠯᠡᠳᠡᠭᠡᠬᠦ ᠢᠨᠵᠧᠨᠧᠷᠢᠩ ᠢ ᠭᠤᠣᠯᠳᠠᠯᠭ᠎ᠠ ᠲᠠᠢ ᠠᠵᠢᠯ ᠤᠨ ᠡᠭᠦᠷᠭᠡ ᠪᠣᠯᠭᠠᠨ᠂ ᠡᠯ᠎ᠡ ᠵᠦᠢᠯ ᠤᠨ ᠠᠵᠢᠯᠯᠠᠭ᠎ᠠ ᠶᠢ ᠪᠠᠶᠢᠷᠢᠯᠠᠭᠤᠯᠬᠤ᠂ ᠨᠠᠶᠢᠳᠠᠪᠤᠷᠢᠵᠢᠭᠤᠯᠬᠤ᠂ ᠳ᠋ᠦᠩᠨᠡᠬᠦ ᠪᠠ ᠤᠬᠠᠭᠤᠯᠬᠤ ᠠᠵᠢᠯ ᠢ ᠵᠡᠷᠭᠡ ᠳᠤᠨᠢ ᠶᠠᠪᠤᠭᠳᠠᠭᠤᠯᠵᠤ᠂ ᠨᠡᠶᠢᠭᠡᠮ ᠤᠨ ᠡᠯ᠎ᠡ ᠡᠲᠡᠭᠡᠳ᠂ ᠬᠥᠬᠡᠬᠤᠲᠠ ᠳᠤ ᠰᠠᠭᠤᠭ᠎ᠠ ᠳᠡᠭᠡᠳᠦ ᠰᠤᠷᠭᠠᠭᠤᠯᠢ ᠪᠣᠯᠣᠨ ᠥᠷᠭᠡᠨ ᠣᠯᠠᠨ ᠰᠤᠷᠤᠭᠴᠢᠳ ᠤᠨ ᠬᠥᠬᠡᠬᠤᠲᠠ ᠳᠤ ᠦᠯᠡᠳᠡᠬᠦ ᠶᠢ ᠬᠠᠯᠠᠮᠵᠢᠯᠠᠨ ᠳᠡᠮᠵᠢᠬᠦ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠢ᠃2024 ᠣᠨ ᠤ ︽ᠲᠠᠪᠤᠨ ᠲᠦᠮᠡᠨ ᠣᠶᠤᠲᠠᠨ ᠢ ᠬᠥᠬᠡᠬᠤᠲᠠ ᠳᠤ ᠦᠯᠡᠳᠡᠭᠡᠬᠦ︾ ᠲᠤᠰᠬᠠᠢ ᠠᠵᠢᠯᠯᠠᠭ᠎ᠠ ᠶᠢᠨ ᠬᠡᠷᠡᠭᠵᠢᠭᠦᠯᠬᠦ ᠲᠥᠰᠥᠯ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ