ᠭᠤᠷᠪᠠᠳᠤᠭᠠᠷ ᠪᠦᠯᠦᠭ ᠤᠨ ᠤᠯᠤᠰ ᠤᠨ ᠲᠠᠰ ᠤᠨ ᠴᠠᠰᠤᠨ ᠳᠤ ᠭᠤᠯᠭᠤᠬᠤ ᠵᠢᠭᠤᠯᠴᠢᠯᠠᠯ ᠠᠮᠠᠷᠠᠯᠲᠠ ᠶᠢᠨ ᠭᠠᠵᠠᠷ ᠢ ᠵᠠᠷᠯᠠᠨ ᠨᠡᠶᠢᠲᠡᠯᠡᠬᠦ ᠨᠡᠷᠡᠰ ᠢ  ᠨᠡᠶᠢᠲᠡᠯᠡᠵᠦ ᠬᠥᠬᠡᠬᠤᠲᠠ ᠶᠢᠨ ᠳᠡᠯ ᠠᠭᠤᠯᠠᠨ ᠤ ᠴᠠᠰᠤᠨ ᠳᠤ ᠭᠤᠯᠭᠤᠬᠤ ᠵᠢᠭᠤᠯᠴᠢᠯᠠᠯ ᠠᠮᠠᠷᠠᠯᠲᠠ ᠶᠢᠨ ᠭᠠᠵᠠᠷ ᠠᠮᠵᠢᠯᠲᠠ ᠲᠠᠢ ᠪᠠᠷ ᠰᠣᠩᠭᠤᠭᠳᠠᠪᠠ
ᠨᠡᠶᠢᠲᠡᠯᠡᠭᠰᠡᠨ ᠴᠠᠭ᠄
2024/1/26
      ︵ᠰᠤᠷᠪᠤᠯᠵᠢᠯᠠᠭᠴᠢ ᠯᠢᠦ ᠯᠢ ᠰᠢᠶᠠ︶ 1 ᠳ᠋ᠦ᠋ᠭᠡᠷ ᠰᠠᠷ᠎ᠠ ᠶᠢᠨ 23  ᠤ ᠡᠳᠦᠷ᠂ ᠰᠣᠶᠣᠯ ᠵᠤᠭᠠᠴᠠᠯ ᠤᠨ ᠶᠠᠮᠤᠨ᠂ ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠢ ᠲᠣᠪᠴᠢᠶ᠎ᠠ ᠬᠠᠮᠲᠤᠷᠠᠨ ᠭᠤᠷᠪᠠᠳᠤᠭᠠᠷ ᠪᠦᠯᠦᠭ ᠤᠨ 7 ᠤᠯᠤᠰ ᠤᠨ ᠲᠡᠰ ᠤᠨ ᠴᠠᠰᠤᠨ ᠳᠤ ᠭᠤᠯᠭᠤᠬᠤ ᠵᠢᠭᠤᠯᠴᠢᠯᠠᠯ ᠠᠮᠠᠷᠠᠯᠲᠠ ᠶᠢᠨ ᠭᠠᠵᠠᠷ ᠤᠨ ᠨᠡᠷᠡᠰ ᠢ ᠨᠡᠶᠢᠲᠡᠯᠡᠵᠦ᠂ ᠬᠥᠬᠡᠬᠤᠲᠠ ᠶᠢᠨ ᠳᠡᠯ ᠠᠭᠤᠯᠠᠨ ᠤ ᠴᠠᠰᠤᠨ ᠳᠤ ᠭᠤᠯᠭᠤᠬᠤ ᠵᠢᠭᠤᠯᠴᠢᠯᠠᠯ ᠠᠮᠠᠷᠠᠯᠲᠠ ᠶᠢᠨ ᠭᠠᠵᠠᠷ ᠠᠮᠵᠢᠯᠲᠠ ᠲᠠᠢ ᠰᠣᠩᠭᠤᠭᠳᠠᠪᠠ᠃      ᠬᠥᠬᠡᠬᠤᠲᠠ ᠶᠢᠨ ᠳᠡᠯ ᠠᠭᠤᠯᠠ ᠶᠢᠨ ᠴᠠᠰᠤᠨ ᠳᠤ ᠭᠤᠯᠭᠤᠬᠤ ᠵᠢᠭᠤᠯᠴᠢᠯᠠᠯ ᠠᠮᠠᠷᠠᠯᠲᠠ ᠶᠢᠨ ᠭᠠᠵᠠᠷ ᠨᠢ ᠰᠠᠶᠢᠬᠠᠨ ᠲᠣᠭᠤᠷᠢᠭ ᠤᠨ ᠢᠦᠢ ᠯᠢᠨ ᠪᠠᠯᠭᠠᠰᠤ ᠶᠢᠨ ᠱᠢ ᠮᠧᠨ ᠭᠧᠦ ᠲᠣᠰᠬᠤᠨ᠂ ︽ᠬᠥᠬᠡᠬᠤᠲᠠ ᠪᠤᠭᠤᠲᠤ ᠣᠷᠳᠣᠰ ᠤᠯᠠᠭᠠᠨᠴᠠᠪ︾ ᠬᠤᠳᠠ ᠶᠢᠨ  ᠴᠤᠭᠯᠠᠷᠠᠯ ᠤᠨ ᠲᠥᠪ ᠲᠤ ᠪᠠᠶᠢᠷᠢᠯᠠᠵᠤ᠂ ᠲᠠᠯᠠᠪᠠᠢ ᠨᠢ 24.95 ᠲᠡᠭᠰᠢ ᠳᠥᠷᠪᠡᠯᠵᠢᠨ ᠺᠢᠯᠤᠮᠧᠲᠷ ᠪᠠᠶᠢᠵᠤ᠂ ᠪᠠᠶᠢᠭᠠᠯᠢ ᠶᠢᠨ ᠨᠥᠬᠦᠴᠡᠯ ᠨᠢ ᠣᠨᠴᠠᠭᠠᠢ᠂ ᠴᠠᠰᠤᠨ ᠤ ᠪᠠᠶᠢᠳᠠᠯ ᠰᠠᠶᠢᠨ᠂ ᠴᠠᠰᠤᠨ ᠤ ᠬᠤᠭᠤᠴᠠᠭ᠎ᠠ  ᠤᠷᠳᠤ᠂ ᠡᠪᠦᠯ ᠤᠨ ᠤᠯᠠᠷᠢᠯ ᠤᠨ ᠳᠤᠮᠳᠠᠴᠢ ᠠᠭᠠᠷ ᠤᠨ ᠳᠤᠯᠠᠭᠠᠨ ᠨᠢ ︱12℃᠂ ᠴᠠᠰᠤ ᠬᠠᠳᠠᠭᠠᠯᠠᠬᠤ ᠬᠤᠭᠤᠴᠠᠭ᠎ᠠ ᠨᠢ 4 ᠰᠠᠷ᠎ᠠ ᠰᠢᠬᠠᠮ ᠪᠠᠶᠢᠵᠤ᠂ ᠴᠠᠰᠤᠨ ᠳᠤ ᠭᠤᠯᠭᠤᠬᠤ ᠬᠤᠭᠤᠴᠠᠭ᠎ᠠ ᠨᠢ 120 ᠡᠳᠦᠷ ᠪᠠᠶᠢᠵᠤ᠂ ᠥᠨᠳᠥᠷ᠂ ᠳᠤᠮᠳᠠ᠂ ᠠᠩᠬ᠎ᠠ ᠵᠡᠷᠭᠡ ᠶᠢᠨ 23 ᠵᠤᠷᠪᠤᠰ ᠴᠠᠰᠤᠨ ᠵᠠᠮ ᠲᠠᠢ︔ ᠴᠠᠰᠤᠨ ᠳᠤ ᠭᠤᠯᠭᠤᠬᠤ ᠪᠡᠯᠡᠳᠭᠡᠮᠵᠢ᠂ ᠲᠥᠬᠦᠭᠡᠷᠦᠮᠵᠢ ᠪᠦᠷᠢᠨ ᠲᠡᠭᠦᠯᠳᠡᠷ︔ ᠴᠠᠰᠤᠨ ᠳᠤ ᠭᠤᠯᠭᠤᠬᠤ ᠵᠢᠭᠤᠯᠴᠢᠯᠠᠯ ᠠᠮᠠᠷᠠᠯᠲᠠ ᠶᠢᠨ ᠪᠦᠷᠢᠨ ᠲᠡᠭᠦᠯᠳᠡᠷ ᠣᠯᠠᠨ ᠡᠰᠢᠲᠦ ᠭᠥᠯᠢᠶᠡᠨ ᠠᠪᠬᠤ ᠪᠡᠯᠡᠳᠬᠡᠮᠵᠢ ᠲᠠᠢ ᠪᠠᠶᠢᠵᠤ᠂ ᠴᠠᠰᠤᠨ ᠳᠤ ᠭᠤᠯᠭᠤᠬᠤ ᠲᠠᠯᠠᠪᠠᠶ᠂ ᠨᠠᠰᠤᠨ ᠳᠤ ᠭᠦᠷᠦᠭᠰᠡᠳ ᠵᠢᠴᠢ ᠬᠡᠦᠬᠡᠳ ᠤᠨ ᠴᠠᠰᠤᠨ ᠳᠤ ᠭᠤᠯᠭᠤᠬᠤ ᠲᠤᠰᠬᠠᠢ ᠰᠤᠷᠭᠠᠭᠤᠯᠢ᠂ ᠴᠠᠰᠤᠨ ᠳᠤ ᠭᠤᠯᠭᠤᠬᠤ ᠭᠠᠵᠠᠷ ᠤᠨ ᠪᠠᠶᠢᠴᠠ ᠶᠢᠨ ᠴᠡᠴᠡᠷᠯᠢᠭ᠂ ᠴᠠᠰᠤᠨ ᠳᠤ ᠭᠤᠯᠭᠤᠬᠤ ᠲᠤᠰᠠᠭᠠᠷ ᠵᠢᠭᠠᠨ ᠰᠤᠷᠭᠠᠯᠲᠠ ᠶᠢᠨ ᠲᠣᠭᠤᠷᠢᠭ᠂ ᠳᠡᠯ ᠠᠭᠤᠯᠠ ᠶᠢᠨ ᠠᠶᠢᠯ ᠪᠠᠭᠤᠴᠠ ᠪᠠᠭᠤᠳᠠᠯ᠂ ᠳᠡᠯ ᠠᠭᠤᠯᠠ ᠶᠢᠨ ᠪᠣᠯᠪᠠᠰᠤᠷᠠᠯ ᠤᠨ ᠲᠥᠪ ᠵᠡᠷᠭᠡ ᠬᠤᠶᠠᠷ ᠥᠪᠡᠷᠲᠡᠭᠡᠨ ᠡᠵᠡᠩᠨᠡᠬᠦ ᠪᠠᠭᠤᠳᠠᠯ ᠵᠢᠴᠢ LSR ᠬᠡᠦᠬᠡᠳ ᠤᠨ ᠲᠣᠰᠬᠤᠨ ᠪᠠ ᠠᠮᠠᠷᠠᠯᠲᠠ ᠶᠢᠨ ᠭᠠᠵᠠᠷ ᠬᠥᠷᠥᠩᠭᠡ᠂ ᠠᠭᠤᠯᠠᠨ ᠣᠷᠣᠢ ᠶᠢᠨ ᠮᠠᠶᠢᠬᠠᠨ ᠬᠤᠭᠤᠯᠠᠨ ᠭᠡᠷ᠂ ᠭᠤᠣᠯ ᠰᠡᠳᠦᠪᠲᠦ ᠪᠠᠷᠠᠭ᠎ᠠ ᠬᠤᠳᠠᠯᠳᠤᠨ ᠠᠪᠬᠤ ᠳᠡᠯᠭᠡᠭᠦᠷ ᠵᠡᠷᠭᠡ ᠣᠯᠠᠨ ᠵᠦᠢᠯ ᠤᠨ ᠢᠵᠢ ᠪᠦᠷᠢᠳᠦᠭᠰᠡᠨ ᠪᠡᠯᠡᠳᠬᠡᠮᠵᠢ ᠶᠢ ᠪᠠᠭᠲᠠᠭᠠᠨ᠎ᠠ᠃       ᠬᠥᠬᠡᠬᠤᠲᠠ ᠶᠢᠨ ᠳᠡᠯ ᠠᠭᠤᠯᠠᠨ ᠤ ᠴᠠᠰᠤᠨ ᠳᠤ ᠭᠤᠯᠭᠤᠬᠤ ᠵᠢᠭᠤᠯᠴᠢᠯᠠᠯ ᠠᠮᠠᠷᠠᠯᠲᠠ ᠶᠢᠨ ᠭᠠᠵᠠᠷ ᠤᠨ ᠬᠢᠨ ︽ᠵᠤᠨ ᠤ ᠤᠯᠠᠷᠢᠯ ᠳᠤ ᠵᠤᠰᠠᠬᠤ᠂ ᠡᠪᠦᠯ ᠤᠨ ᠤᠯᠠᠷᠢᠯ ᠳᠤ ᠴᠠᠰᠤᠨ ᠳᠤ ᠭᠤᠯᠭᠤᠬᠤ᠂ ᠳᠥᠷᠪᠡᠨ ᠤᠯᠠᠷᠢᠯ ᠳᠤ ᠡᠷᠡᠭᠦᠯ ᠢᠶᠠᠷ ᠠᠷᠠᠴᠢᠯᠠᠬᠤ︾ ᠬᠥᠭᠵᠢᠯᠲᠡ ᠶᠢᠨ ᠣᠶᠢᠯᠠᠭᠠᠭᠳᠠᠬᠤᠨ ᠢ ᠪᠠᠷᠢᠮᠲᠠᠯᠠᠵᠤ᠂ ᠣᠨᠴᠠᠯᠢᠭᠲᠤ ᠭᠤᠣᠯ ᠰᠡᠳᠦᠪᠲᠦ ᠪᠠᠭᠤᠳᠠᠯ᠂ ᠪᠣᠳᠠᠰ ᠤᠨ ᠪᠤᠰᠤ ᠰᠣᠶᠣᠯ ᠤᠨ ᠥᠪ ᠤᠨ ᠠᠮᠲᠠᠲᠤ ᠢᠳᠡᠭᠡᠨ᠂ ᠲᠤᠰᠬᠠᠢ ᠮᠡᠷᠭᠡᠵᠢᠯ ᠤᠨ ᠤᠷᠤᠯᠳᠤᠭᠠᠨ᠂ ᠴᠠᠰᠤᠨ ᠳᠤ ᠭᠤᠯᠭᠤᠬᠤ ᠬᠥᠳᠡᠯᠭᠡᠭᠡᠨ᠂ ᠰᠡᠯᠡᠭᠦᠴᠡᠯ ᠠᠮᠠᠷᠠᠯᠲᠠ᠂ ᠠᠭᠤᠯᠠᠨ ᠭᠠᠵᠠᠷ ᠤᠨ ᠬᠥᠳᠡᠯᠭᠡᠭᠡᠨ᠂ ᠬᠥᠳᠡᠭᠡ ᠲᠣᠰᠬᠤᠨ ᠤ ᠵᠤᠭᠠᠴᠠᠯ ᠪᠠ ᠡᠷᠡᠭᠦᠯ ᠮᠡᠨᠳᠦ ᠪᠡᠶ᠎ᠡ ᠴᠢᠭᠢᠷᠠᠭᠵᠢᠭᠤᠯᠤᠯ ᠢ ᠨᠢᠭᠡ ᠴᠣᠭᠴᠠᠵᠢᠭᠤᠯᠤᠭᠰᠠᠨ ᠣᠯᠠᠨ ᠡᠰᠢᠲᠦ ᠠᠮᠠᠷᠠᠯᠲᠠ ᠶᠢᠨ ᠦᠢᠯᠡᠳᠬᠦᠨ ᠢ ᠨᠡᠭᠡᠭᠡᠨ ᠬᠥᠭᠵᠢᠭᠦᠯᠵᠦ᠂ ᠬᠥᠬᠡᠬᠤᠲᠠ ᠶᠢᠨ 2023 ︱ 2024 ᠣᠨ ᠤ ︽ᠮᠥᠰᠥ ᠴᠠᠰᠤᠨ ᠤ ᠬᠥᠬᠡ ᠬᠤᠲᠠ ᠤᠮᠠᠷᠠᠲᠤ ᠬᠢᠯᠢ ᠶᠢ ᠪᠠᠶᠠᠰᠬᠠᠨ᠎ᠠ︾ ᠭᠡᠬᠦ ᠮᠥᠰᠥ ᠴᠠᠰᠤᠨ ᠤ ᠪᠠᠶᠠᠷ ᠤᠨ ᠭᠤᠣᠯ ᠬᠤᠷᠠᠯ ᠤᠨ ᠲᠠᠯᠠᠪᠤᠷ ᠪᠣᠯᠣᠨ᠎ᠠ᠂ ᠤᠷᠢᠳ ᠬᠤᠵᠢᠳ ᠳᠡᠯ ᠠᠭᠤᠯᠠ ᠶᠢᠨ ᠮᠥᠰᠥ ᠴᠠᠰᠤᠨ ᠤ ᠤᠯᠠᠷᠢᠯ᠂ ᠮᠥᠰᠥ ᠴᠠᠰᠤᠨ ᠤ ᠦᠵᠡᠰᠬᠦᠯᠡᠩ ᠵᠡᠷᠭᠡ ᠨᠡᠷᠡᠲᠦ ᠲᠡᠮᠳᠡᠭᠲᠦ ᠰᠣᠶᠣᠯ ᠤᠨ ᠵᠤᠭᠠᠴᠠᠯ ᠤᠨ ᠠᠵᠢᠯᠯᠠᠭ᠎ᠠ  ᠶᠢ ᠥᠷᠨᠢᠭᠦᠯᠵᠦ᠂ ᠨᠢᠭᠡᠨᠲᠡ ᠤᠯᠠᠷᠢᠯ ᠰᠥᠷᠬᠦ ᠴᠠᠰᠤᠨ ᠳᠤ ᠭᠤᠯᠭᠤᠬᠤ᠂ ᠰᠥᠨᠢ ᠶᠢᠨ ᠵᠢᠭᠤᠯᠴᠢᠯᠠᠯ᠂ ᠡᠷᠡᠭᠦᠯ ᠮᠡᠨᠳᠦ ᠰᠤᠪᠢᠯᠠᠯᠲᠠ᠂ ᠪᠡᠶ᠎ᠡ ᠶᠢᠨ ᠲᠠᠮᠢᠷ ᠵᠡᠷᠭᠡ ᠳᠥᠷᠪᠡᠨ ᠤᠯᠠᠷᠢᠯ ᠤᠨ ᠰᠡᠯᠡᠭᠦᠴᠡᠯ ᠠᠮᠠᠷᠠᠯᠲᠠ ᠶᠢ ᠨᠢᠭᠡ ᠴᠣᠭᠴᠠᠵᠢᠭᠤᠯᠤᠭᠰᠠᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠠᠵᠤ ᠦᠢᠯᠡᠰ ᠤᠨ ᠠᠭᠤᠰᠤᠯᠴᠠᠨ ᠬᠥᠭᠵᠢᠬᠦ ᠲᠥᠪᠯᠡᠷᠡᠭᠰᠡᠨ ᠣᠷᠣᠨ ᠪᠣᠯᠵᠤ᠂ ᠪᠡᠭᠡᠵᠢᠩ ᠲᠢᠶᠠᠨᠵᠢᠨ ᠥᠪᠥᠷ ᠮᠣᠩᠭᠤᠯ ᠾᠧᠪᠧᠢ ᠣᠷᠣᠨ ᠤ ᠴᠠᠰᠤᠨ ᠳᠤ ᠭᠤᠯᠭᠤᠬᠤ ᠳᠤᠷᠠᠲᠠᠢ ᠬᠥᠮᠥᠰ ᠤᠨ ᠴᠢᠬᠤᠯᠠ ᠴᠠᠰᠤᠨ ᠳᠤ ᠭᠤᠯᠭᠤᠬᠤ ᠵᠢᠭᠤᠯᠴᠢᠯᠠᠯ ᠤᠨ ᠵᠣᠷᠢᠭᠰᠠᠨ ᠭᠠᠵᠠᠷ ᠪᠠ ᠥᠪᠥᠷ ᠮᠣᠩᠭᠤᠯ ᠤᠨ ᠪᠠᠷᠠᠭᠤᠨ ᠬᠡᠰᠡᠭ ᠤᠨ ᠭᠠᠵᠠᠷ ᠣᠷᠣᠨ ᠤ ᠮᠥᠰᠥ ᠴᠠᠰᠤᠨ ᠤ ᠵᠢᠭᠤᠯᠴᠢᠯᠠᠯ ᠤᠨ ᠳᠠᠭᠠᠭᠤᠯᠤᠭᠴᠢ ᠪᠣᠯᠤᠭᠰᠠᠨ ᠪᠠᠶᠢᠨ᠎ᠠ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ