ᠪᠥᠬᠦ ᠣᠷᠣᠨ ᠤ ᠦᠨᠳᠦᠰᠦᠨ ᠱᠠᠲᠤᠨ ᠤ ᠰᠣᠶᠣᠯ ᠤᠨ ᠠᠷᠪᠠᠨ ᠰᠢᠯᠢᠳᠡᠭ ᠨᠢᠭᠡᠴᠢ ᠪᠠ ᠬᠤᠪᠢ ᠬᠥᠮᠥᠨ ᠤ ᠰᠢᠯᠭᠠᠷᠠᠭᠤᠯᠤᠯᠲᠠ ᠶᠢᠨ ᠦᠷ᠎ᠡ ᠳ᠋ᠦᠩ ᠢ ᠨᠡᠶᠢᠲᠡᠯᠡᠪᠡ ᠮᠠᠨ ᠤ ᠬᠤᠲᠠ ᠶᠢᠨ 5 ᠨᠢᠭᠡᠴᠢ ᠨᠡᠷᠡᠰ ᠲᠤ ᠣᠷᠣᠪᠠ
ᠨᠡᠶᠢᠲᠡᠯᠡᠭᠰᠡᠨ ᠴᠠᠭ᠄
2024/1/26
      ︵ᠰᠤᠷᠪᠤᠯᠵᠢᠯᠠᠭᠴᠢ ᠸᠠᠩ ᠵᠥᠩ ᠵᠸᠦ︶ ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ︽2021 ︱ 2022 ᠣᠨ ᠤ ᠪᠥᠬᠦ ᠣᠷᠣᠨ ᠤ ᠦᠨᠳᠦᠰᠦᠨ ᠱᠠᠲᠤᠨ ᠤ ᠰᠣᠶᠣᠯ ᠤᠨ ᠠᠷᠪᠠᠨ ᠰᠢᠯᠢᠳᠡᠭ ᠨᠢᠭᠡᠴᠢ ᠪᠠ ᠬᠤᠪᠢ ᠬᠥᠮᠥᠨ ᠤ ᠰᠢᠯᠭᠠᠷᠠᠭᠤᠯᠤᠯᠲᠠ ᠶᠢᠨ ᠦᠷ᠎ᠡ ᠳ᠋ᠦᠩ ᠤᠨ ᠲᠤᠬᠠᠢ ᠵᠠᠷᠯᠠᠯ︾ ᠢ ᠨᠡᠶᠢᠲᠡᠯᠡᠪᠡ᠂ ᠣᠶᠢᠯᠠᠭᠠᠭᠰᠠᠨ ᠢᠶᠠᠷ᠂ ᠮᠠᠨ ᠤ ᠬᠤᠲᠠ ᠶᠢᠨ ᠨᠡᠶᠢᠲᠡ 5 ᠨᠢᠭᠡᠴᠢ ᠨᠡᠷᠡᠰ ᠲᠤ ᠣᠷᠣᠭᠰᠠᠨ ᠪᠠᠶᠢᠨ᠎ᠠ᠃      ᠨᠡᠷᠡᠰ ᠲᠤ ᠣᠷᠣᠭᠰᠠᠨ 5 ᠨᠢᠭᠡᠴᠢ ᠨᠢ ᠲᠣᠰ ᠲᠣᠰ᠄ ᠬᠥᠬᠡᠬᠤᠲᠠ ᠶᠢᠨ ᠰᠠᠶᠢᠬᠠᠨ ᠲᠣᠭᠤᠷᠢᠭ ᠤᠨ ᠨᠣᠮ ᠤᠨ ᠰᠠᠩ ᠪᠥᠬᠦ ᠣᠷᠣᠨ ᠤ ᠠᠷᠪᠠᠨ ᠰᠢᠯᠢᠳᠡᠭ ᠨᠣᠮ ᠤᠨ ᠰᠠᠩ ᠢᠶᠠᠷ ᠦᠨᠡᠯᠡᠭᠳᠡᠪᠡ︔ ᠬᠥᠬᠡᠬᠤᠲᠠ ᠶᠢᠨ ᠰᠣᠶᠣᠯ ᠤᠨ ᠣᠷᠳᠣᠨ᠂ ᠬᠥᠬᠡᠬᠤᠲᠠ ᠶᠢᠨ ᠰᠠᠶᠢᠬᠠᠨ ᠲᠣᠭᠤᠷᠢᠭ ᠤᠨ ᠰᠣᠶᠣᠯ ᠤᠨ ᠣᠷᠳᠣᠨ ᠪᠦᠬᠦ ᠣᠷᠣᠨ ᠤ ᠠᠷᠪᠠᠨ ᠰᠢᠯᠢᠳᠡᠭ ᠰᠣᠶᠣᠯ ᠤᠨ ᠣᠷᠳᠣᠨ ᠢᠶᠠᠷ ᠦᠨᠡᠯᠡᠭᠳᠡᠪᠡ︔ ᠬᠥᠬᠡᠬᠤᠲᠠ ᠶᠢᠨ ᠬᠤᠷᠢᠨᠭᠡᠷ ᠰᠢᠶᠠᠨ ᠤ ᠱᠧᠩ ᠯᠧ ᠠᠵᠤ ᠠᠬᠤᠢ ᠶᠢᠨ ᠬᠦᠷᠢᠶᠡᠯᠡᠩ ᠲᠣᠭᠤᠷᠢᠭ ᠤᠨ ᠰᠣᠶᠣᠯ ᠤᠨ ᠦᠷᠳᠡᠭᠡ ᠪᠦᠬᠦ ᠣᠷᠣᠨ ᠤ ᠠᠷᠪᠠᠨ ᠰᠢᠯᠢᠳᠡᠭ ᠰᠣᠶᠣᠯ ᠤᠨ ᠦᠷᠳᠡᠭᠡ ᠪᠠᠷ ᠦᠨᠡᠯᠡᠭᠳᠡᠪᠡ︔ ᠬᠥᠬᠡᠬᠤᠲᠠ ᠶᠢᠨ ᠲᠣᠭᠲᠠᠬᠤ ᠰᠢᠶᠠᠨ ᠤ ᠱᠤᠸᠠᠩ ᠾᠧ ᠪᠠᠯᠭᠠᠰᠤᠨ ᠤ ᠤᠮᠠᠷᠠᠲᠤ ᠬᠠᠭᠠᠰ ᠪᠥᠮᠪᠥᠷᠴᠡᠭ ᠰᠣᠶᠣᠯ ᠤᠨ ᠶᠡᠭᠡ ᠬᠦᠷᠢᠶ᠎ᠡ ᠪᠥᠬᠦ ᠣᠷᠣᠨ ᠤ ᠠᠷᠪᠠᠨ ᠰᠢᠯᠢᠳᠡᠭ ᠰᠣᠶᠣᠯ ᠤᠨ ᠡᠷᠦᠬᠡ ︵ᠶᠡᠭᠡ ᠬᠦᠷᠢᠶ᠎ᠡ︶ ᠪᠠᠷ ᠦᠨᠡᠯᠡᠭᠳᠡᠪᠡ᠃      ᠣᠶᠢᠯᠠᠭᠠᠭᠰᠠᠨ ᠢᠶᠠᠷ᠂ ᠪᠥᠬᠦ ᠣᠷᠣᠨ ᠤ ᠦᠨᠳᠦᠰᠦᠨ ᠱᠠᠲᠤᠨ ᠤ ᠰᠣᠶᠣᠯ ᠤᠨ ᠠᠷᠪᠠᠨ ᠰᠢᠯᠢᠳᠡᠭ ᠨᠢᠭᠡᠴᠢ ᠶᠢ ᠰᠢᠯᠭᠠᠷᠠᠭᠤᠯᠬᠤ ᠶᠢᠨ ᠵᠣᠷᠢᠯᠭ᠎ᠠ ᠨᠢ ᠲᠡᠷᠢᠭᠦᠨ ᠤ ᠬᠢ ᠶᠢ ᠤᠯᠠᠮ ᠨᠢᠭᠡ ᠠᠯᠬᠤᠮ ᠵᠣᠷᠢᠭᠵᠢᠭᠤᠯᠵᠤ᠂ ᠨᠡᠶᠢᠲᠡᠯᠢᠭ ᠵᠢᠱᠢᠶ᠎ᠡ ᠶᠢ ᠪᠣᠶ ᠪᠣᠯᠭᠠᠨ᠂ ᠴᠡᠭ ᠢᠶᠠᠷ ᠨᠡᠶᠢᠳᠡᠮ ᠢ ᠳᠠᠶᠢᠴᠢᠯᠠᠵᠤ᠂ ᠬᠤᠲᠠ ᠬᠥᠳᠡᠭᠡ ᠶᠢᠨ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡ ᠶᠢ ᠨᠢᠭᠡ ᠴᠣᠭᠴᠠᠵᠢᠭᠤᠯᠤᠨ ᠪᠦᠲᠦᠭᠡᠨ ᠪᠠᠶᠢᠭᠤᠯᠬᠤ ᠪᠠ ᠦᠨᠳᠦᠰᠦᠨ ᠱᠠᠲᠤᠨ ᠤ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡ ᠶᠢᠨ ᠬᠥᠭᠵᠢᠯᠲᠡ ᠶᠢ ᠠᠬᠢᠭᠤᠯᠬᠤ ᠳᠤ ᠴᠢᠬᠤᠯᠠ ᠦᠢᠯᠡᠳᠦᠯ ᠦᠵᠡᠭᠦᠯᠬᠦ ᠶᠢᠨ ᠲᠥᠯᠥᠭᠡ ᠶᠤᠮ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ