ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ 2024 ᠣᠨ ᠤ ᠣᠷᠣᠨ ᠨᠤᠲᠤᠭ ᠤᠨ ᠰᠤᠷᠭᠠᠨ ᠬᠥᠮᠦᠵᠢᠯ ᠤᠨ ᠲᠤᠰᠬᠠᠢ ᠪᠡᠯᠡ ᠮᠥᠩᠭᠦ 5893 ᠲᠦᠮᠡᠨ ᠲᠥᠭᠦᠷᠢᠭ ᠢ ᠴᠠᠭ ᠲᠤᠬᠠᠢ ᠳᠤᠨᠢ ᠪᠠᠭᠤᠯᠭᠠᠪᠠ
ᠨᠡᠶᠢᠲᠡᠯᠡᠭᠰᠡᠨ ᠴᠠᠭ᠄
2024/1/29
      ︵ᠰᠤᠷᠪᠤᠯᠵᠢᠯᠠᠭᠴᠢ ᠰᠥᠩ ᠰᠢᠶᠠᠩ ᠬᠤᠸᠠ︶ ︽2024 ᠣᠨ ᠤ ᠣᠷᠣᠨ ᠨᠤᠲᠤᠭ ᠤᠨ ᠰᠤᠷᠭᠠᠨ ᠬᠥᠮᠦᠵᠢᠯ ᠤᠨ ᠲᠤᠰᠬᠠᠢ ᠪᠡᠯᠡ ᠮᠥᠩᠭᠦ ᠶᠢᠨ ᠲᠥᠰᠥᠪ ᠢ ᠤᠷᠢᠳᠴᠢᠯᠠᠨ ᠪᠠᠭᠤᠯᠭᠠᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠰᠤᠷᠭᠠᠨ ᠬᠥᠮᠦᠵᠢᠯ ᠤᠨ ᠲᠢᠩᠬᠢᠮ ᠤᠨ ᠮᠡᠳᠡᠭᠳᠡᠯ︾ ᠤᠨ ᠵᠣᠷᠢᠭ ᠰᠠᠨᠠᠭ᠎ᠠ ᠶᠢ ᠦᠨᠳᠦᠰᠦᠯᠡᠨ᠂ ᠣᠶᠢᠷ᠎ᠠ ᠳᠤ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ 2024 ᠣᠨ ᠤ ᠣᠷᠣᠨ ᠨᠤᠲᠤᠭ ᠤᠨ ᠰᠤᠷᠭᠠᠨ ᠬᠥᠮᠦᠵᠢᠯ ᠤᠨ ᠲᠤᠰᠬᠠᠢ ᠪᠡᠯᠡ ᠮᠥᠩᠭᠦ 5893 ᠲᠦᠮᠡᠨ ᠲᠥᠭᠦᠷᠢᠭ ᠢ ᠴᠠᠭ ᠲᠤᠬᠠᠢ ᠳᠤᠨᠢ ᠪᠠᠭᠤᠯᠭᠠᠪᠠ᠃       ᠡᠨᠡ ᠬᠦ ᠪᠡᠯᠡ ᠮᠥᠩᠭᠦ ᠶᠢ ᠪᠠᠭᠤᠯᠭᠠᠭᠰᠠᠨ ᠨᠢ᠂ ᠮᠠᠨ ᠤ ᠬᠤᠲᠠ ᠶᠢᠨ ᠰᠤᠷᠭᠠᠨ ᠬᠥᠮᠦᠵᠢᠯ ᠤᠨ ᠦᠢᠯᠡᠰ ᠤᠨ ᠬᠡᠷᠡᠭᠴᠡᠭᠡ ᠶᠢ ᠦᠨᠡᠨ ᠬᠦ ᠪᠠᠲᠤᠯᠠᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠲᠡᠩᠴᠡᠭᠦᠷᠢᠲᠡᠢ ᠬᠥᠭᠵᠢᠯᠲᠡ ᠶᠢ ᠠᠬᠢᠭᠤᠯᠬᠤ ᠳᠤ ᠢᠳᠡᠪᠬᠢᠲᠡᠢ ᠠᠬᠢᠭᠤᠯᠬᠤ ᠦᠢᠯᠡᠳᠦᠯ ᠦᠵᠡᠭᠦᠯᠪᠡ᠃ ᠰᠤᠷᠭᠠᠨ ᠬᠥᠮᠦᠵᠢᠯ ᠤᠨ ᠪᠡᠯᠡ ᠮᠥᠩᠭᠦ ᠶᠢᠨ ᠬᠡᠷᠡᠭᠵᠢᠭᠦᠯᠦᠯᠲᠡ ᠶᠢᠨ ᠠᠬᠢᠴᠠ ᠶᠢ ᠲᠦᠷᠭᠡᠳᠬᠡᠵᠦ᠂ ᠰᠤᠷᠭᠠᠨ ᠬᠥᠮᠦᠵᠢᠯ ᠤᠨ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠬᠦ ᠶᠢᠨ ᠲᠥᠯᠥᠭᠡ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠠᠴᠠ ᠪᠠᠭᠤᠯᠭᠠᠭᠰᠠᠨ ᠪᠡᠯᠡ ᠮᠥᠩᠭᠦ ᠶᠢᠨ ᠰᠢᠨᠵᠢ ᠴᠢᠨᠠᠷ ᠢ ᠦᠨᠳᠦᠰᠦᠯᠡᠨ ᠲᠤᠰᠬᠠᠢ ᠵᠣᠭᠤᠰ ᠢ ᠲᠤᠰᠬᠠᠢ ᠵᠦᠢᠯ ᠳᠤ ᠬᠡᠷᠡᠭᠯᠡᠬᠦ ᠬᠡᠷᠡᠭᠲᠡᠢ᠂ ᠰᠤᠷᠭᠠᠭᠤᠯᠢ ᠶᠢᠨ ᠬᠦᠷᠢᠶᠡᠨ ᠤ ᠨᠣᠭᠤᠭᠠᠷᠠᠭᠤᠯᠤᠯᠲᠠ᠂ ᠭᠤᠶᠣᠯᠠᠯ ᠵᠡᠷᠭᠡ ᠳᠦᠷᠢ ᠲᠥᠷᠬᠦ ᠶᠢᠨ ᠢᠨᠵᠧᠨᠧᠷᠢᠩ ᠳᠤ ᠬᠡᠷᠡᠭᠯᠡᠵᠦ ᠪᠣᠯᠬᠤ ᠦᠭᠡᠢ ᠭᠡᠵᠦ ᠬᠤᠯᠪᠣᠭᠳᠠᠯ ᠪᠦᠬᠦᠢ ᠭᠠᠵᠠᠷ ᠣᠷᠣᠨ ᠳᠤ ᠱᠠᠭᠠᠷᠳᠠᠪᠠ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ