| | | | ᠲᠦᠷᠦᠭᠦᠬᠡᠨ᠂ ᠬᠤᠲᠠ ᠶᠢᠨ ᠰᠣᠶᠣᠯ ᠵᠢᠭᠤᠯᠴᠢᠯᠠᠯ ᠤᠨ ᠪᠡᠯᠡ ᠣᠷᠣᠭᠤᠯᠤᠯᠲᠠ ᠶᠢᠨ ᠪᠦᠯᠦᠭᠯᠡᠯ ᠥᠪᠥᠷ | ᠮᠣᠩᠭᠤᠯ ᠤᠨ ᠤᠷᠠᠯᠢᠭ ᠵᠦᠴᠦᠭᠡ ᠶᠢᠨ ᠬᠦᠷᠢᠶᠡᠯᠡᠩ ᠤᠨ ᠳᠠᠭᠤᠤ ᠬᠥᠭᠵᠢᠮ ᠤᠨ ᠲᠢᠩᠬᠢᠮ ᠳᠤ ︽ᠤᠮᠠᠷᠠᠲᠤ ᠬᠢᠯᠢ ᠪᠠᠨ | ᠪᠠᠳᠠᠷᠠᠭᠤᠯᠤᠨ ᠳᠡᠯᠭᠡᠷᠡᠭᠦᠯᠦᠶ᠎ᠡ ︱ ᠮᠠᠨ ᠤ ᠡᠨᠡ ᠠᠷᠪᠠᠨ ᠵᠢᠯ︾ ᠭᠡᠬᠦ ᠲᠤᠰᠬᠠᠢ ᠤᠷᠠᠨ ᠰᠠᠶᠢᠬᠠᠨ ᠤ ᠦᠳᠡᠰᠢᠯᠡᠭᠡ ᠶᠢ | ᠦᠪᠡᠳᠡᠭᠰᠢ ᠶᠡᠭᠡ ᠪᠠᠷ ᠡᠷᠭᠢᠯᠡᠪᠡ᠃ | ᠦᠳᠡᠰᠢᠯᠡᠭᠡ ᠨᠢ ᠬᠥᠬᠡᠬᠤᠲᠠ ᠶᠢᠨ ᠤᠳᠬ᠎ᠠ ᠤᠷᠠᠯᠢᠭ ᠤᠨ ᠬᠦᠷᠢᠶᠡᠯᠡᠩ ᠪᠦᠯᠬᠦᠮ ᠤᠨ 2013 ᠣᠨ ᠠᠴᠠ | 2023 ᠣᠨ ᠪᠣᠯᠲᠠᠯᠠᠬᠢ ᠠᠵᠤ ᠠᠬᠤᠶᠢᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠬᠢᠭᠰᠡᠨ ᠠᠷᠪᠠᠨ ᠵᠢᠯ ᠤᠨ ᠭᠡᠷᠡᠯ | ᠰᠠᠴᠤᠷᠠᠩᠭᠤᠢ ᠥᠩᠭᠡᠷᠡᠯᠲᠡ ᠶᠢ ᠪᠦᠬᠦ ᠲᠠᠯ᠎ᠠ ᠪᠠᠷ ᠳ᠋ᠦᠩᠨᠡᠵᠦ᠂ ᠠᠷᠪᠠᠨ ᠵᠢᠯ ᠤᠨ ᠥᠭᠡᠷᠡᠴᠢᠯᠡᠯᠲᠡ ᠶᠢᠨ ᠤᠳᠬ᠎ᠠ | ᠤᠷᠠᠯᠢᠭ ᠤᠨ ᠵᠣᠬᠢᠶᠠᠨ ᠪᠦᠲᠦᠭᠡᠯᠭᠡ ᠶᠢᠨ ᠡᠯᠪᠡᠭ ᠪᠠᠶᠠᠯᠢᠭ ᠦᠷ᠎ᠡ ᠪᠦᠲᠦᠭᠡᠯ ᠪᠣᠯᠣᠨ ᠭᠠᠷᠮᠠᠭᠠᠢ ᠠᠮᠵᠢᠯᠲᠠ ᠶᠢ ᠪᠦᠬᠦ | ᠲᠠᠯ᠎ᠠ ᠪᠠᠷ ᠡᠷᠭᠢᠴᠡᠭᠦᠯᠪᠡ᠃ ᠴᠢᠬᠢᠨ ᠳᠤ ᠬᠠᠳᠠᠩᠰᠢᠭᠰᠠᠨ ᠮᠠᠰᠢ ᠣᠯᠠᠨ ᠠᠯᠳᠠᠷᠲᠤ ᠤᠷᠠᠯᠢᠭᠴᠢᠳ ᠪᠠ ᠰᠢᠯᠢᠳᠡᠭ ᠵᠠᠯᠠᠭᠤ | ᠲᠣᠭᠯᠠᠭᠴᠢᠳ ᠲᠣᠭᠯᠠᠯᠲᠠ ᠳᠤ ᠣᠷᠣᠯᠴᠠᠵᠤ᠂ ᠲᠤᠬᠠᠢ ᠶᠢᠨ ᠲᠠᠯᠠᠪᠠᠶ ᠳᠤ ᠣᠳᠣᠬᠢᠴᠢᠯᠠᠭᠰᠠᠨ ᠪᠥᠵᠢᠭ ᠤᠨ ᠭᠤᠸ᠎ᠠ | ᠵᠢᠷᠤᠭ ᠲᠥᠯᠥᠪᠯᠡᠭᠡ ᠪᠠ ᠲᠠᠭᠤᠨ ᠤ ᠠᠰᠢᠭᠯᠠᠮᠵᠢ ᠶᠢᠨ ᠮᠡᠷᠭᠡᠵᠢᠯ ᠲᠠᠢ ᠬᠠᠮᠵᠢᠯᠴᠠᠵᠤ᠂ ᠦᠵᠡᠭᠴᠢᠳ ᠲᠤ ᠲᠤᠶᠢᠯ ᠤᠨ | ᠶᠡᠭᠡ ᠳᠣᠩᠰᠣᠯᠭᠠᠯᠲᠠ ᠶᠢᠨ ᠬᠦᠴᠦᠨ ᠪᠦᠬᠦᠢ ᠤᠷᠠᠯᠢᠭ ᠤᠨ ᠦᠪᠡᠳᠡᠭᠰᠢ ᠨᠠᠶᠢᠷ ᠢ ᠳᠡᠯᠭᠡᠨ ᠦᠵᠡᠭᠦᠯᠵᠡᠢ᠃ | ᠬᠥᠬᠡᠬᠤᠲᠠ ᠶᠢᠨ ᠰᠣᠨᠢᠨ ᠤ ᠰᠤᠷᠪᠤᠯᠵᠢᠯᠠᠭᠴᠢ ᠮᠢᠶᠣᠣ ᠴᠢᠩ ᠰᠡᠭᠦᠳᠡᠷᠯᠡᠪᠡ | |