2023 ᠣᠨ ᠳᠤ ᠮᠠᠨ ᠤ ᠬᠤᠲᠠ ᠶᠢᠨ ᠰᠢᠤᠳᠠᠨ ᠤ ᠠᠵᠢᠯ ᠲᠥᠷᠥᠯ ᠤᠨ ᠢᠯᠡᠬᠡᠨ ᠬᠦᠷᠭᠡᠬᠦ ᠲᠤᠬᠠᠶᠢᠯᠠᠭᠰᠠᠨ ᠠᠵᠢᠯ ᠤᠨ ᠬᠡᠮᠵᠢᠶ᠎ᠡ 1.95 ᠳ᠋ᠦᠩᠰᠢᠭᠤᠷ ᠬᠤᠪᠢ ᠬᠦᠷᠪᠡ
ᠨᠡᠶᠢᠲᠡᠯᠡᠭᠰᠡᠨ ᠴᠠᠭ᠄
2024/1/30
      ︵ᠰᠤᠷᠪᠤᠯᠵᠢᠯᠠᠭᠴᠢ ᠰᠦᠩ ᠰᠢᠶᠠᠩ ᠬᠤᠸᠠ︶ 2023 ᠣᠨ ᠳᠤ᠂ ᠪᠦᠬᠦ ᠬᠤᠳᠠ ᠶᠢᠨ ᠰᠢᠤᠳᠠᠨ ᠤ ᠠᠵᠢᠯ ᠲᠦᠷᠦᠯ ᠤᠨ ᠢᠯᠡᠬᠡᠨ ᠬᠦᠷᠭᠡᠬᠦ ᠲᠤᠬᠠᠶᠢᠯᠠᠭᠰᠠᠨ ᠠᠵᠢᠯ ᠤᠨ ᠬᠡᠮᠵᠢᠶ᠎ᠡ ᠨᠡᠶᠢᠳᠡ 1.95 ᠳ᠋ᠦᠩᠰᠢᠭᠤᠷ ᠬᠤᠪᠢ ᠬᠦᠷᠴᠦ᠂ ᠠᠳᠠᠯᠢ ᠬᠤᠭᠤᠴᠠᠭᠠᠨ ᠤ ᠬᠢ ᠠᠴᠠ 14.20% ᠢᠶᠠᠷ ᠨᠡᠮᠡᠭᠳᠡᠪᠡ᠃ ᠡᠭᠦᠨ ᠳᠤ᠂ ᠲᠦᠷᠭᠡᠨ ᠬᠦᠷᠭᠡᠬᠦ ᠲᠤᠬᠠᠶᠢᠯᠠᠭᠰᠠᠨ ᠠᠵᠢᠯ ᠤᠨ ᠬᠡᠮᠵᠢᠶ᠎ᠡ ︵ᠰᠢᠤᠳᠠᠨ ᠤ ᠺᠣᠮᠫᠠᠨᠢ ᠶᠢᠨ ᠪᠣᠭᠤᠳᠠᠯ ᠪᠠᠭᠯᠠᠭ᠎ᠠ ᠶᠢᠨ ᠲᠤᠬᠠᠶᠢᠯᠠᠭᠰᠠᠨ ᠠᠵᠢᠯ ᠪᠠᠭᠲᠠᠬᠤ ᠦᠭᠡᠢ︶ ᠨᠡᠶᠢᠲᠡ 1.12 ᠳ᠋ᠦᠩᠰᠢᠭᠤᠷ ᠬᠤᠪᠢ ᠶᠢ ᠬᠦᠷᠴᠦ᠂ ᠠᠳᠠᠯᠢ ᠬᠤᠭᠤᠴᠠᠭᠠᠨ ᠤ ᠬᠢ ᠠᠴᠠ 40.83% ᠪᠠᠷ ᠨᠡᠮᠡᠭᠳᠡᠪᠡ᠃      2023 ᠣᠨ ᠳᠤ᠂ ᠮᠠᠨ ᠤ ᠬᠤᠲᠠ ᠶᠢᠨ ᠬᠤᠲᠠᠨ ᠳᠤᠲᠤᠷ᠎ᠠ ᠲᠦᠷᠭᠡᠨ ᠬᠦᠷᠭᠡᠬᠦ ᠲᠤᠬᠠᠶᠢᠯᠠᠭᠰᠠᠨ ᠠᠵᠢᠯ ᠤᠨ ᠬᠡᠮᠵᠢᠶ᠎ᠡ ᠨᠡᠶᠢᠲᠡ 1527.48 ᠲᠦᠮᠡᠨ ᠬᠤᠪᠢ ᠶᠢ ᠬᠦᠷᠴᠦ᠂ ᠠᠳᠠᠯᠢ ᠬᠤᠭᠤᠴᠠᠭᠠᠨ ᠤ ᠬᠢ ᠠᠴᠠ 36.01% ᠪᠠᠷ ᠨᠡᠮᠡᠭᠳᠡᠪᠡ︔ ᠣᠨᠳᠣᠣ ᠭᠠᠵᠠᠷ ᠲᠤ ᠲᠦᠷᠭᠡᠨ ᠬᠦᠷᠭᠡᠬᠦ ᠲᠤᠬᠠᠶᠢᠯᠠᠭᠰᠠᠨ ᠠᠵᠢᠯ ᠤᠨ ᠬᠡᠮᠵᠢᠶ᠎ᠡ ᠨᠡᠶᠢᠲᠡ 9478.61 ᠲᠦᠮᠡᠨ ᠬᠤᠪᠢ ᠬᠦᠷᠴᠦ᠂ ᠠᠳᠠᠯᠢ ᠬᠤᠭᠤᠴᠠᠭᠠᠨ ᠤ ᠬᠢ ᠠᠴᠠ 38.97% ᠪᠠᠷ ᠨᠡᠮᠡᠭᠳᠡᠪᠡ︔ ᠣᠯᠠᠨ ᠤᠯᠤᠰ ᠤᠨ/ᠰᠢᠶᠠᠩᠭᠠᠩ ᠣᠣᠮᠧᠨ ᠲᠠᠶᠢᠸᠠᠨ ᠤ ᠲᠦᠷᠭᠡᠨ ᠬᠦᠷᠭᠡᠯᠲᠡ ᠶᠢᠨ ᠲᠤᠬᠠᠶᠢᠯᠠᠭᠰᠠᠨ ᠠᠵᠢᠯ ᠤᠨ ᠬᠡᠮᠵᠢᠶ᠎ᠡ ᠨᠡᠶᠢᠲᠡ 209.62 ᠲᠦᠮᠡᠨ ᠬᠤᠪᠢ ᠬᠦᠷᠴᠦ᠂ ᠠᠳᠠᠯᠢ ᠬᠤᠭᠤᠴᠠᠭᠠᠨ ᠤ ᠬᠢ ᠠᠴᠠ 948.37% ᠪᠠᠷ ᠨᠡᠮᠡᠭᠳᠡᠪᠡ᠃       2023 ᠣᠨ ᠳᠤ᠂ ᠰᠢᠤᠳᠠᠨ ᠤ ᠠᠵᠢᠯ ᠲᠥᠷᠥᠯ ᠤᠨ ᠲᠤᠬᠠᠶᠢᠯᠠᠭᠰᠠᠨ ᠠᠵᠢᠯ ᠤᠨ ᠣᠷᠣᠯᠭ᠎ᠠ ︵ᠰᠢᠤᠳᠠᠨ ᠤ ᠬᠠᠳᠠᠭᠠᠯᠠᠮᠵᠢ ᠶᠢᠨ ᠪᠠᠩᠬᠢ ᠶᠢᠨ ᠰᠢᠭᠤᠳ ᠡᠵᠡᠩᠨᠡᠯᠲᠡ ᠶᠢᠨ ᠣᠷᠣᠯᠭ᠎ᠠ ᠪᠠᠭᠲᠠᠬᠤ ᠦᠭᠡᠢ︶ ᠨᠡᠶᠢᠲᠡ 24.73 ᠳ᠋ᠦᠩᠰᠢᠭᠤᠷ ᠲᠥᠭᠦᠷᠢᠭ ᠬᠦᠷᠴᠦ᠂ ᠠᠳᠠᠯᠢ ᠬᠤᠭᠤᠴᠠᠭᠠᠨ ᠤ ᠬᠢ ᠠᠴᠠ 33.16% ᠪᠠᠷ ᠨᠡᠮᠡᠭᠳᠡᠪᠡ᠃ ᠡᠭᠦᠨ ᠳᠤ᠂ ᠲᠦᠷᠭᠡᠨ ᠬᠦᠷᠭᠡᠬᠦ ᠲᠤᠬᠠᠶᠢᠯᠠᠭᠰᠠᠨ ᠠᠵᠢᠯ ᠤᠨ ᠣᠷᠣᠯᠭ᠎ᠠ ᠨᠡᠶᠢᠲᠡ 18.53 ᠳ᠋ᠦᠩᠰᠢᠭᠤᠷ ᠲᠥᠭᠦᠷᠢᠭ  ᠬᠦᠷᠴᠦ᠂ ᠠᠳᠠᠯᠢ ᠬᠤᠭᠤᠴᠠᠭᠠᠨ ᠤ ᠬᠢ ᠠᠴᠠ 30.85% ᠪᠠᠷ ᠨᠡᠮᠡᠭᠳᠡᠵᠡᠢ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ