ᠬᠠᠷ᠎ᠠ ᠤᠰᠤ ᠶᠢᠨ ᠨᠤᠭᠤ ᠭᠠᠵᠠᠷ ᠥᠪᠡᠷᠲᠡᠭᠡᠨ ᠵᠠᠰᠠᠬᠤ ᠣᠷᠣᠨ ᠤ ᠴᠢᠬᠤᠯᠠ ᠨᠤᠭᠤ ᠭᠠᠵᠠᠷ ᠤᠨ ᠨᠡᠷᠡᠰ ᠲᠤ ᠣᠷᠣᠪᠠ
ᠨᠡᠶᠢᠲᠡᠯᠡᠭᠰᠡᠨ ᠴᠠᠭ᠄
2024/1/4
      ︵ᠰᠤᠷᠪᠤᠯᠵᠢᠯᠠᠭᠴᠢ ᠯᠢᠦ ᠯᠢ ᠰᠢᠶᠠ︶ ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠤᠢ ᠰᠢᠭᠤᠢ ᠨᠤᠲᠤᠭ ᠪᠡᠯᠴᠢᠭᠡᠷ ᠤᠨ ᠲᠣᠪᠴᠢᠶ᠎ᠠ ᠰᠢᠨ᠎ᠡ ᠨᠢᠭᠡ ᠪᠦᠯᠦᠭ 4 ᠥᠪᠡᠷᠲᠡᠭᠡᠨ ᠵᠠᠰᠠᠬᠤ ᠣᠷᠣᠨ ᠤ ᠴᠢᠬᠤᠯᠠ ᠨᠤᠭᠤ ᠭᠠᠵᠠᠷ ᠤᠨ ᠨᠡᠷᠡᠰ ᠢ ᠨᠡᠶᠢᠲᠡᠯᠡᠪᠡ᠂ ᠡᠭᠦᠨ ᠳᠤ ᠲᠦᠮᠡᠳ ᠵᠡᠭᠦᠨ ᠬᠤᠰᠢᠭᠤᠨ ᠤ ᠬᠠᠷ᠎ᠠ ᠤᠰᠤ ᠬᠤᠳᠠ ᠶᠢᠨ ᠲᠡᠰ ᠤᠨ ᠴᠢᠬᠤᠯᠠ ᠨᠤᠭᠤ ᠭᠠᠵᠠᠷ ᠢ ᠥᠪᠡᠷᠲᠡᠭᠡᠨ ᠵᠠᠰᠠᠬᠤ ᠣᠷᠣᠨ ᠤ ᠴᠢᠬᠤᠯᠠ ᠨᠤᠭᠤ ᠭᠠᠵᠠᠷ ᠢᠶᠠᠷ ᠦᠨᠡᠯᠡᠵᠦ᠂ ᠬᠥᠬᠡᠬᠤᠲᠠ ᠣᠷᠣᠨ ᠤ ᠠᠩᠬ᠎ᠠ ᠤᠳᠠᠭ᠎ᠠ ᠥᠪᠡᠷᠲᠡᠭᠡᠨ ᠵᠠᠰᠠᠬᠤ ᠣᠷᠣᠨ ᠤ ᠴᠢᠬᠤᠯᠠ ᠨᠤᠭᠤ ᠭᠠᠵᠠᠷ ᠤᠨ ᠨᠡᠷᠡᠰ ᠲᠤ ᠣᠷᠣᠭᠰᠠᠨ ᠨᠤᠭᠤ ᠭᠠᠵᠠᠷ ᠪᠣᠯᠵᠠᠢ᠃      ᠬᠠᠷ᠎ᠠ ᠤᠰᠤ ᠶᠢᠨ ᠨᠤᠭᠤ ᠭᠠᠵᠠᠷ ᠪᠣᠯ ᠳᠠᠯᠠᠨ ᠬᠠᠷ᠎ᠠ ᠠᠭᠤᠯᠠ ᠶᠢᠨ ᠡᠮᠦᠨ᠎ᠡ ᠬᠤᠷᠮᠣᠢ ᠶᠢᠨ ᠦᠶᠡᠷ ᠠᠴᠠ ᠪᠣᠯᠣᠭᠰᠠᠨ ᠲᠠᠯ᠎ᠠ ᠭᠠᠵᠠᠷ᠂ ᠬᠠᠲᠤᠨ ᠭᠤᠣᠯ ᠤᠨ ᠲᠡᠯᠡᠷᠡᠯᠲᠡ ᠠᠴᠠ ᠪᠣᠯᠣᠭᠰᠠᠨ ᠲᠠᠯ᠎ᠠ ᠭᠠᠵᠠᠷ ᠬᠢᠭᠡᠳ ᠶᠡᠭᠡ ᠲᠦᠷᠭᠡᠨ ᠭᠤᠣᠯ ᠤᠨ ᠲᠡᠯᠡᠷᠡᠯᠲᠡ ᠶᠢᠨ ᠪᠣᠯᠣᠭᠰᠠᠨ ᠲᠠᠯ᠎ᠠ ᠭᠠᠵᠠᠷ ᠭᠤᠷᠪᠠ ᠶᠢᠨ ᠠᠭᠤᠯᠵᠠᠷ ᠲᠤ ᠣᠷᠣᠰᠢᠵᠤ᠂ ᠲᠦᠮᠡᠳ ᠵᠡᠭᠦᠨ ᠬᠤᠰᠢᠭᠤᠨ ᠤ ᠬᠢᠯᠢ ᠳᠣᠲᠣᠷ᠎ᠠ ᠪᠠᠶᠢᠷᠢᠯᠠᠳᠠᠭ᠂ ᠬᠥᠬᠡᠬᠤᠲᠠ ᠶᠢᠨ ᠲᠠᠯ᠎ᠠ ᠭᠠᠵᠠᠷ ᠤᠨ ᠪᠦᠷᠢᠨ ᠪᠦᠲᠦᠨ ᠬᠠᠳᠠᠭᠠᠯᠠᠭᠳᠠᠵᠤ ᠪᠠᠶᠢᠭ᠎ᠠ ᠳᠣᠲᠣᠭᠠᠳᠤ ᠬᠠᠭᠤᠷᠠᠢ ᠶᠢᠨ ᠬᠡᠯᠪᠡᠷᠢ ᠶᠢᠨ ᠴᠡᠩᠭᠡᠭ ᠤᠰᠤᠨ ᠤ ᠨᠤᠭᠤ ᠭᠠᠵᠠᠷ ᠤᠨ ᠠᠮᠢ ᠠᠬᠤᠢ ᠶᠢᠨ ᠰᠢᠰᠲ᠋ᠧᠮ ᠪᠣᠯᠬᠤ ᠪᠥᠭᠡᠳ ᠪᠠᠰᠠ ᠨᠡᠭᠦᠳᠡᠯ ᠤᠨ ᠰᠢᠪᠠᠭᠤᠳ ᠤᠨ ᠨᠡᠭᠦᠳᠡᠯᠯᠡᠬᠦ ᠵᠠᠮ ᠤᠨ ᠨᠢᠭᠡ ᠪᠠᠶᠢᠵᠤ᠂ ᠵᠢᠯ ᠪᠦᠷᠢ ᠶᠡᠭᠡ ᠬᠡᠮᠵᠢᠶᠡᠨ ᠤ ᠨᠡᠭᠦᠳᠡᠯ ᠤᠨ ᠰᠢᠪᠠᠭᠤ ᠠᠳᠡ ᠨᠡᠭᠦᠳᠡᠯᠯᠡᠨ ᠦᠷᠡᠵᠢᠳᠡᠭ᠃ ᠬᠠᠷ᠎ᠠ ᠤᠰᠤ ᠶᠢᠨ ᠬᠤᠶᠢᠲᠤ ᠲᠠᠯ᠎ᠠ ᠳᠤ ᠳᠠᠯᠠᠨ ᠬᠠᠷ᠎ᠠ ᠠᠭᠤᠯᠠ ᠪᠠᠶᠢᠵᠤ᠂ ᠵᠡᠭᠦᠨ᠂ ᠡᠮᠦᠨ᠎ᠡ᠂ ᠪᠠᠷᠠᠭᠤᠨ ᠭᠤᠷᠪᠠᠨ ᠲᠠᠯ᠎ᠠ ᠪᠠᠷ ᠢᠶᠠᠨ ᠲᠠᠷᠢᠶᠠᠨ ᠭᠠᠵᠠᠷ ᠪᠠ ᠮᠠᠯᠵᠢᠯ ᠤᠨ ᠲᠠᠯᠠᠪᠠᠶ ᠳᠤ ᠪᠦᠰᠡᠯᠡᠭᠳᠡᠵᠦ᠂ ᠪᠣᠭᠤᠮᠲᠠ ᠶᠢᠨ ᠭᠠᠳᠠᠨᠠᠬᠢ ᠰᠢ ᠬᠤ᠋ ᠨᠠᠭᠤᠷ ᠤᠨ ᠠᠯᠳᠠᠷ ᠲᠠᠢ ᠶᠤᠮ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ