︵ᠰᠤᠷᠪᠤᠯᠵᠢᠯᠠᠭᠴᠢ ᠶᠦᠨ ᠶᠠᠨ ᠹᠠᠩ︶ ᠣᠶᠢᠷ᠎ᠠ ᠳᠤ᠂ ᠮᠠᠨ ᠤ ᠬᠤᠲᠠ ᠳᠤ ᠪᠠᠰᠠ ᠨᠢᠭᠡ ᠰᠦᠢᠳᠬᠡᠯ ᠬᠤᠷᠢᠶᠠᠬᠤ ᠦᠭᠡᠢ ᠵᠢᠭᠤᠯᠴᠢᠯᠠᠯ ᠤᠨ ᠭᠠᠵᠠᠷ | ︱ ᠴᠠᠭᠠᠨ ᠰᠤᠪᠤᠷᠭ᠎ᠠ ᠭᠠᠯᠲᠤ ᠲᠡᠷᠭᠡᠨ ᠤ ᠥᠷᠲᠡᠭᠡ ᠶᠢᠨ ᠬᠠᠭᠤᠴᠢᠨ ᠪᠠᠭᠤᠷᠢ ᠨᠡᠮᠡᠭᠳᠡᠭᠰᠡᠨ ᠪᠠᠶᠢᠨ᠎ᠠ᠃ ᠴᠠᠭᠠᠨ ᠰᠤᠪᠤᠷᠭ᠎ᠠ ᠭᠠᠯᠲᠤ ᠲᠡᠷᠭᠡᠨ ᠤ | ᠥᠷᠲᠡᠭᠡ ᠶᠢᠨ ᠬᠠᠭᠤᠴᠢᠨ ᠪᠠᠭᠤᠷᠢ ᠨᠢ ᠰᠠᠶᠢᠬᠠᠨ ᠲᠣᠭᠤᠷᠢᠭ ᠤᠨ ᠪᠠᠶᠠᠨ ᠵᠡᠭᠡᠯᠢ ᠭᠤᠳᠤᠮᠵᠢ ᠶᠢᠨ ᠡᠮᠦᠨ᠎ᠡ ᠯᠥᠸᠧ ᠵᠢᠶᠠ ᠶᠢᠩ ᠲᠣᠰᠬᠤᠨ ᠳᠤ ᠪᠠᠶᠢᠳᠠᠭ᠂ | ᠭᠠᠯᠲᠤ ᠲᠡᠷᠭᠡᠨ ᠤ ᠥᠷᠲᠡᠭᠡᠨ ᠤ ᠬᠠᠭᠤᠴᠢᠨ ᠪᠠᠭᠤᠷᠢ ᠨᠢ ᠴᠠᠭᠠᠨ ᠰᠤᠪᠤᠷᠭ᠎ᠠ ︵ᠲᠦᠮᠡᠨ ᠪᠣᠳᠢ ᠴᠡᠴᠡᠭ ᠤᠨ ᠴᠢᠮᠡᠭᠲᠦ ᠰᠤᠳᠤᠷ ᠤᠨ ᠰᠤᠪᠤᠷᠭ᠎ᠠ︶ ᠲᠠᠢ | ᠬᠥᠷᠰᠢᠯᠡᠵᠦ ᠪᠠᠶᠢᠳᠠᠭ ᠪᠣᠯᠬᠤᠷ ᠴᠠᠭᠠᠨ ᠰᠤᠪᠤᠷᠭ᠎ᠠ ᠥᠷᠲᠡᠭᠡ ᠭᠡᠵᠦ ᠨᠡᠷᠡᠶᠢᠳᠴᠡᠢ᠂ ᠡᠨᠡ ᠪᠣᠯ ᠮᠠᠨ ᠤ ᠬᠤᠲᠠ ᠶᠢᠨ ᠬᠠᠮᠤᠭ ᠤᠨ ᠪᠦᠷᠢᠨ ᠪᠦᠲᠦᠨ | ᠬᠠᠳᠠᠭᠠᠯᠠᠭᠳᠠᠵᠤ ᠪᠠᠶᠢᠭ᠎ᠠ ᠢᠷᠭᠡᠨ ᠤᠯᠤᠰ ᠤᠨ ᠦᠶ᠎ᠡ ᠶᠢᠨ ᠭᠠᠯᠲᠤ ᠲᠡᠷᠭᠡᠨ ᠤ ᠥᠷᠲᠡᠭᠡᠨ ᠤ ᠬᠠᠭᠤᠴᠢᠨ ᠪᠠᠭᠤᠷᠢ ᠶᠢᠨ ᠨᠢᠭᠡ ᠪᠣᠯᠣᠨ᠎ᠠ᠃ | | | | | | | 1905 ᠣᠨ ᠠᠴᠠ ᠡᠬᠢᠯᠡᠨ ᠪᠠᠶᠢᠭᠤᠯᠤᠭᠰᠠᠨ ᠫᠢᠩ ᠰᠦᠢ ᠲᠡᠮᠦᠷ ᠵᠠᠮ ᠪᠣᠯ ᠮᠠᠨ ᠤ ᠤᠯᠤᠰ ᠤᠨ ᠠᠩᠬᠠᠳᠠᠭᠴᠢ ᠥᠪᠡᠷᠲᠡᠭᠡᠨ ᠪᠠᠶᠢᠭᠤᠯᠤᠭᠰᠠᠨ | ᠲᠡᠮᠦᠷ ᠵᠠᠮ ᠪᠣᠯᠣᠨ᠎ᠠ᠃ 1909 ᠣᠨ ᠳᠤ ᠪᠡᠭᠡᠵᠢᠩ ᠴᠢᠭᠤᠯᠠᠯᠲᠤ ᠬᠠᠭᠠᠯᠭ᠎ᠠ ᠲᠡᠮᠦᠷ ᠵᠠᠮ ᠢ ᠳᠡᠪᠢᠰᠴᠦ ᠳᠠᠭᠤᠰᠬᠠᠭᠠᠳ᠂ 1914 ᠣᠨ ᠳᠤ | ᠳ᠋ᠠᠲ᠋ᠦ᠋ᠩ ᠬᠦᠷᠲᠡᠯ᠎ᠡ ᠵᠠᠰᠠᠵᠤ᠂ 1915 ᠣᠨ ᠳᠤ ᠹᠸᠡᠭᠵᠧᠨ ᠳᠤ ᠬᠦᠷᠦᠭᠰᠡᠨ ᠤ ᠳᠠᠷᠠᠭ᠎ᠠ ᠪᠡᠯᠡ ᠮᠥᠩᠭᠦ ᠳᠤᠲᠠᠭᠳᠠᠭᠰᠠᠨ ᠠᠴᠠ ᠪᠣᠯᠵᠤ ᠠᠵᠢᠯ ᠢᠶᠠᠨ | ᠵᠣᠭᠰᠣᠵᠠᠢ᠃ 1919 ᠣᠨ ᠳᠤ ᠠᠵᠢᠯ ᠢᠶᠠᠨ ᠰᠡᠷᠭᠦᠭᠡᠵᠦ᠂ 1921 ᠣᠨ ᠤ 5 ᠳ᠋ᠤᠭᠠᠷ ᠰᠠᠷ᠎ᠠ ᠳᠤ ᠬᠦᠢᠰᠦ᠋ᠢ ᠳᠤ ᠬᠦᠷᠪᠡ᠂ ᠥᠭᠡᠷ᠎ᠡ ᠪᠠᠷ ᠬᠡᠯᠡᠪᠡᠯ | ᠥᠨᠥᠳᠥᠷ ᠤᠨ ᠬᠥᠬᠡᠬᠤᠲᠠ ᠳᠤ ᠬᠦᠷᠴᠡᠢ᠂ ᠴᠠᠭᠠᠨ ᠰᠤᠪᠤᠷᠭ᠎ᠠ ᠭᠠᠯᠲᠤ ᠲᠡᠷᠭᠡᠨ ᠦᠷᠳᠡᠭᠡ ᠶᠢᠨ ᠬᠠᠭᠤᠴᠢᠨ ᠪᠠᠭᠤᠷᠢ ᠶᠢ ᠲᠡᠷᠡ ᠦᠶ᠎ᠡ ᠳᠤ ᠠᠰᠢᠭᠯᠠᠯᠲᠠ ᠳᠤ | ᠣᠷᠣᠭᠤᠯᠵᠠᠢ᠃ 1977 ᠣᠨ ᠳᠤ᠂ ᠪᠡᠭᠡᠵᠢᠩ ᠠᠴᠠ ᠪᠤᠭᠤᠲᠤ ᠬᠦᠷᠬᠦ ᠲᠡᠮᠦᠷ ᠵᠠᠮ ᠤᠨ ᠬᠡᠰᠡᠭ ᠱᠤᠭᠤᠮ ᠢ ᠥᠭᠡᠷᠡᠴᠢᠯᠡᠭᠰᠡᠨ ᠠᠴᠠ ᠴᠠᠭᠠᠨ ᠰᠤᠪᠤᠷᠭ᠎ᠠ | ᠭᠠᠯᠲᠤ ᠲᠡᠷᠭᠡᠨ ᠦᠷᠳᠡᠭᠡ ᠶᠢᠨ ᠬᠠᠭᠤᠴᠢᠨ ᠪᠠᠭᠤᠷᠢ ᠶᠢ ᠬᠡᠷᠡᠭᠯᠡᠬᠦ ᠪᠠᠨ ᠵᠣᠭᠰᠣᠵᠤ᠂ ᠬᠥᠬᠡᠬᠤᠲᠠ ᠶᠢᠨ ᠲᠡᠮᠦᠷ ᠵᠠᠮ ᠤᠨ ᠲᠣᠪᠴᠢᠶ᠎ᠠ ᠶᠢᠨ ᠰᠤᠷᠭᠠᠨ | ᠬᠥᠮᠦᠵᠢᠯ ᠤᠨ ᠰᠠᠭᠤᠷᠢᠨ ᠭᠠᠵᠠᠷ ᠪᠣᠯᠭᠠᠨ ᠥᠭᠡᠷᠡᠴᠢᠯᠡᠪᠡ᠃ 2012 ᠣᠨ ᠤ 5 ᠳ᠋ᠤᠭᠠᠷ ᠰᠠᠷ᠎ᠠ ᠳᠤ ᠬᠥᠬᠡᠬᠤᠲᠠ ᠶᠢᠨ ᠠᠷᠠᠳ ᠤᠨ ᠵᠠᠰᠠᠭ ᠤᠨ | ᠣᠷᠳᠣᠨ ᠠᠴᠠ ᠭᠤᠷᠪᠠᠳᠤᠭᠠᠷ ᠪᠦᠯᠦᠭ ᠤᠨ ᠬᠤᠲᠠ ᠶᠢᠨ ᠲᠠᠰ ᠤᠨ ᠭᠤᠣᠯᠳᠠᠯᠭ᠎ᠠ ᠲᠠᠢ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ | ᠨᠢᠭᠡᠴᠢ ᠪᠠᠷ ᠨᠡᠶᠢᠲᠡᠯᠡᠵᠦ᠂ 2014 ᠣᠨ ᠤ 9 ᠳ᠋ᠦ᠋ᠭᠡᠷ ᠰᠠᠷ᠎ᠠ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ | ᠠᠴᠠ ᠲᠠᠪᠤᠳᠤᠭᠠᠷ ᠪᠦᠯᠦᠭ ᠤᠨ ᠥᠪᠡᠷᠲᠡᠭᠡᠨ ᠵᠠᠰᠠᠬᠤ ᠣᠷᠣᠨ ᠤ ᠲᠠᠰ ᠤᠨ ᠭᠤᠣᠯᠳᠠᠯᠭ᠎ᠠ ᠲᠠᠢ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ | ᠨᠢᠭᠡᠴᠢ ᠪᠠᠷ ᠨᠡᠶᠢᠲᠡᠯᠡᠪᠡ᠃ 2019 ᠣᠨ ᠤ 10 ᠳ᠋ᠤᠭᠠᠷ ᠰᠠᠷ᠎ᠠ ᠶᠢᠨ 16 ᠤ ᠡᠳᠦᠷ ᠲᠦᠷᠦ ᠶᠢᠨ ᠶᠠᠪᠤᠳᠠᠯ ᠤᠨ ᠬᠤᠷᠢᠶ᠎ᠠ ᠠᠴᠠ ᠨᠠᠢᠮᠠᠳᠤᠭᠠᠷ ᠪᠦᠯᠦᠭ ᠤᠨ | ᠪᠦᠬᠦ ᠤᠯᠤᠰ ᠤᠨ ᠭᠤᠣᠯᠳᠠᠯᠭ᠎ᠠ ᠲᠠᠢ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠢᠭᠡᠴᠢ ᠪᠠᠷ ᠨᠡᠶᠢᠲᠡᠯᠡᠪᠡ᠃ ᠥᠨᠥᠳᠥᠷ᠂ ᠵᠠᠭᠤᠨ ᠵᠢᠯ ᠢ | ᠥᠩᠭᠡᠷᠡᠭᠦᠯᠦᠭᠰᠡᠨ ᠴᠠᠭᠠᠨ ᠰᠤᠪᠤᠷᠭ᠎ᠠ ᠭᠠᠯᠲᠤ ᠲᠡᠷᠭᠡᠨ ᠥᠷᠲᠡᠭᠡᠨ ᠤ ᠬᠠᠭᠤᠴᠢᠨ ᠪᠠᠭᠤᠷᠢ ᠪᠠᠰᠠ ᠰᠢᠨ᠎ᠡ ᠲᠡᠦᠬᠡᠲᠦ ᠡᠭᠦᠷᠭᠡ ᠳᠠᠭᠠᠭᠠᠵᠤ᠂ ᠲᠠᠯ᠎ᠠ | ᠨᠤᠲᠤᠭ ᠤᠨ ᠲᠡᠮᠦᠷ ᠵᠠᠮ ᠤᠨ ᠬᠥᠭᠵᠢᠯᠲᠡ ᠶᠢᠨ ᠲᠡᠦᠬᠡ ᠶᠢ ᠳᠡᠯᠭᠡᠨ ᠦᠵᠡᠭᠦᠯᠬᠦ ᠰᠢᠨ᠎ᠡ ᠪᠡᠯᠭᠡ ᠲᠡᠮᠳᠡᠭ ᠪᠣᠯᠵᠤ᠂ ᠬᠤᠳᠠ ᠶᠢᠨ ᠠᠷᠠᠳ ᠪᠣᠯᠣᠨ | ᠵᠢᠭᠤᠯᠴᠢᠯᠠᠭᠴᠢᠳ ᠲᠤ ᠰᠣᠶᠣᠯ ᠵᠢᠭᠤᠯᠴᠢᠯᠠᠯ ᠤᠨ ᠰᠢᠨ᠎ᠡ ᠰᠣᠩᠭᠤᠯᠲᠠ ᠶᠢ ᠬᠠᠩᠭᠠᠵᠠᠢ᠃ | ᠰᠡᠯᠪᠢᠨ ᠵᠠᠰᠠᠭᠰᠠᠨ ᠤ ᠳᠠᠷᠠᠭᠠᠬᠢ ᠴᠠᠭᠠᠨ ᠰᠤᠪᠤᠷᠭ᠎ᠠ ᠭᠠᠯᠲᠤ ᠲᠡᠷᠭᠡᠨ ᠥᠷᠲᠡᠭᠡᠨ ᠤ ᠬᠠᠭᠤᠴᠢᠨ ᠪᠠᠭᠤᠷᠢ ᠨᠢ ᠥᠷᠲᠡᠭᠡᠨ ᠤ ᠥᠷᠥᠭᠡ᠂ ᠳᠣᠬᠢᠶᠠᠨ ᠤ | ᠥᠷᠥᠭᠡ᠂ ᠥᠷᠲᠡᠭᠡᠨ ᠳᠠᠷᠤᠭ᠎ᠠ ᠶᠢᠨ ᠣᠷᠳᠣ ᠵᠢᠴᠢ ᠪᠤᠰᠤᠳ ᠨᠡᠶᠢᠲᠡ ᠶᠢᠨ ᠥᠷᠥᠭᠡ ᠪᠠ ᠪᠠᠬᠢᠯᠡᠯᠲᠡ ᠵᠡᠷᠭᠡ ᠣᠯᠠᠨ ᠪᠠᠷᠢᠯᠭ᠎ᠠ ᠪᠠᠷ ᠪᠦᠷᠢᠯᠳᠦᠵᠦ᠂ | ᠥᠷᠲᠡᠭᠡᠨ ᠤ ᠭᠤᠣᠯ ᠴᠣᠭᠴᠠ ᠶᠢᠨ ᠣᠷᠳᠣ ᠨᠢ 21 ᠮᠧᠲᠷ᠂ ᠥᠷᠭᠡᠨ ᠨᠢ 13.6 ᠮᠧᠲᠷ᠂ ᠥᠨᠳᠥᠷ ᠨᠢ 6.1 ᠮᠧᠲᠷ ᠪᠠᠶᠢᠵᠤ᠂ 337 ᠲᠡᠭᠰᠢ | ᠳᠥᠷᠪᠡᠯᠵᠢᠨ ᠮᠧᠲᠷ ᠲᠠᠯᠠᠪᠠᠶ ᠲᠠᠢ᠂ ᠪᠤᠰᠤᠳ ᠨᠡᠶᠢᠲᠡ ᠶᠢᠨ ᠥᠷᠥᠭᠡ ᠨᠢ 351 ᠲᠡᠭᠰᠢ ᠳᠥᠷᠪᠡᠯᠵᠢᠨ ᠮᠧᠲᠷ ᠪᠠᠶᠢᠳᠠᠭ᠃ ᠨᠡᠭᠡᠭᠡᠬᠦ ᠴᠠᠭ ᠨᠢ ᠭᠠᠷᠠᠭ | ᠪᠦᠷᠢ ᠶᠢᠨ ᠭᠠᠷᠠᠭ ᠤᠨ ᠬᠤᠶᠠᠷ ᠠᠴᠠ ᠭᠠᠷᠠᠭ ᠤᠨ ᠡᠳᠦᠷ ᠤᠨ 9᠄ 00 ︱ 17᠄ 00᠂ ᠵᠢᠭᠤᠯᠴᠢᠯᠠᠭᠴᠢᠳ ᠤᠷᠢᠳᠴᠢᠯᠠᠨ ᠪᠣᠯᠵᠣᠬᠤ᠂ ᠪᠢᠯᠧᠲ | ᠬᠤᠳᠠᠯᠳᠤᠨ ᠠᠪᠬᠤ ᠬᠡᠷᠡᠭ ᠦᠭᠡᠢ᠂ ᠰᠢᠯᠭᠠᠨ ᠪᠠᠲᠤᠯᠠᠬᠤ ᠵᠠᠮ ᠢᠶᠠᠷ ᠪᠡᠶ᠎ᠡ ᠶᠢᠨ ᠦᠨᠡᠮᠯᠡᠯ ᠢᠶᠠᠨ ᠤᠩᠰᠢᠭᠤᠯᠪᠠᠯ ᠳᠠᠷᠤᠢ ᠣᠷᠣᠵᠤ ᠪᠣᠯᠣᠨ᠎ᠠ᠃ ᠬᠤᠳᠠ ᠶᠢᠨ | ᠠᠷᠠᠳ ᠪᠣᠯᠣᠨ ᠵᠢᠭᠤᠯᠴᠢᠯᠠᠭᠴᠢᠳ 12 ᠳ᠋ᠤᠭᠠᠷ ᠵᠠᠮ᠂ 113 ᠳ᠋ᠤᠭᠠᠷ ᠵᠠᠮ᠂ 118 ᠳ᠋ᠤᠭᠠᠷ ᠵᠠᠮ᠂ 126 ᠳ᠋ᠤᠭᠠᠷ ᠵᠠᠮ ᠤᠨ ᠨᠡᠶᠢᠲᠡ ᠶᠢᠨ ᠮᠠᠰᠢᠨ | ᠲᠡᠷᠭᠡᠨ ᠳᠤ ᠰᠠᠭᠤᠨ ᠪᠠᠶᠠᠨ ᠲᠣᠰᠬᠤᠨ ᠤ ᠠᠷᠠᠳ ᠤᠨ ᠵᠥᠪᠯᠡᠯ ᠤᠨ ᠦᠷᠳᠡᠭᠡ ᠳᠤ ᠪᠠᠭᠤᠵᠤ᠂ ᠵᠡᠭᠦᠨ ᠬᠤᠶᠢᠲᠤ ᠵᠦᠭ 2 ᠺᠢᠯᠣᠮᠧᠲᠷ ᠠᠯᠬᠤᠪᠠᠯ | ᠬᠦᠷᠴᠢᠬᠡᠨ᠎ᠡ᠃ |