ᠬᠥᠬᠡᠬᠤᠲᠠ᠂ ᠪᠤᠭᠤᠲᠤ ᠬᠤᠲᠠ ᠶᠢᠨ ᠨᠢᠭᠡ ᠬᠤᠲᠠᠴᠢᠯᠠᠯᠲᠠ ᠶᠢᠨ ᠬᠥᠭᠵᠢᠯᠲᠡ ᠶᠢ ᠲᠦᠷᠭᠡᠳᠬᠡᠬᠦ ᠬᠡᠯᠡᠯᠴᠡᠭᠡᠷ ᠢ ᠨᠠᠶᠢᠳᠠᠪᠤᠷᠢᠵᠢᠭᠤᠯᠵᠤ᠂ ᠣᠯᠠᠨ | ᠲᠦᠮᠡᠨ ᠪᠠ ᠠᠵᠤ ᠠᠬᠤᠶᠢᠯᠠᠯ ᠤᠨ ᠠᠵᠢᠯ ᠶᠠᠪᠤᠳᠠᠯ ᠭᠦᠢᠴᠡᠳᠬᠡᠬᠦ ᠱᠠᠭᠠᠷᠳᠠᠯᠭ᠎ᠠ ᠶᠢ ᠬᠠᠩᠭᠠᠬᠤ ᠶᠢᠨ ᠲᠥᠯᠥᠭᠡ᠂ 1 ᠳ᠋ᠦ᠋ᠭᠡᠷ ᠰᠠᠷ᠎ᠠ ᠶᠢᠨ 3 ᠤ ᠡᠳᠦᠷ᠂ | ᠬᠥᠬᠡᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠠᠴᠠ ᠪᠤᠭᠤᠲᠤ ᠬᠤᠲᠠ ᠶᠢᠨ ᠵᠠᠰᠠᠭ | ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠲᠠᠢ ᠬᠠᠮᠲᠤᠷᠠᠨ ᠰᠦᠯᠵᠢᠶᠡᠨ ᠳᠡᠭᠡᠷ᠎ᠡ ᠪᠠ ᠰᠦᠯᠵᠢᠶᠡᠨ | ᠭᠠᠳᠠᠨ᠎ᠠ ᠶᠢ ᠤᠶᠠᠯᠳᠤᠭᠤᠯᠬᠤ ᠠᠷᠭ᠎ᠠ ᠮᠠᠶ᠋ᠢᠭ ᠢᠶᠠᠷ᠂ ᠲᠦᠷᠦᠭᠦᠸ ᠪᠦᠯᠦᠭ ᠤᠨ 192 ᠵᠦᠢᠯ ᠤᠨ ᠨᠡᠶᠢᠳᠡᠮ ᠰᠢᠢᠳᠪᠦᠷᠢᠯᠡᠬᠦ ᠵᠦᠢᠯᠡᠰ ᠢ ᠨᠡᠶᠢᠲᠡᠯᠡᠵᠦ᠂ ᠵᠠᠰᠠᠭ | ᠵᠠᠬᠢᠷᠭᠠᠨ ᠤ ᠲᠠᠰ ᠳᠠᠪᠬᠤᠷᠭ᠎ᠠ᠂ ᠵᠦᠢᠯᠡᠰ ᠤᠨ ᠲᠥᠷᠥᠯ ᠬᠡᠯᠪᠡᠷᠢ ᠪᠠ ᠬᠡᠷᠡᠭ ᠡᠷᠭᠢᠯᠡᠬᠦ ᠪᠡᠶᠡᠴᠢ ᠴᠣᠭᠴᠠ ᠵᠡᠷᠭᠡ ᠭᠤᠷᠪᠠᠨ ᠲᠠᠯ᠎ᠠ ᠶᠢ ᠬᠠᠮᠤᠷᠴᠤ᠂ ︽ᠬᠤᠲᠠ | ᠢᠯᠭᠠᠬᠤ ᠦᠭᠡᠢ︾ ᠪᠠᠷ ᠭᠥᠯᠢᠶᠡᠨ ᠠᠪᠴᠤ᠂ ᠠᠳᠠᠯᠢ ᠪᠠᠷᠢᠮᠵᠢᠶ᠎ᠠ ᠪᠠᠷ ᠭᠦᠢᠴᠡᠳᠬᠡᠬᠦ ᠪᠣᠯᠪᠠ᠃ | ᠬᠡᠷᠡᠭᠵᠢᠭᠦᠯᠬᠦ ᠶᠠᠪᠤᠴᠠ ᠳᠤ᠂ ᠬᠥᠬᠡᠬᠤᠲᠠ ᠪᠤᠭᠤᠲᠤ ᠬᠤᠶᠠᠷ ᠭᠠᠵᠠᠷ ᠤᠨ ᠬᠢᠨ ᠤᠴᠢᠷ ᠶᠠᠪᠤᠳᠠᠯ ᠤᠨ ᠡᠯᠧᠮᠧᠨ᠋ᠲ᠂ ᠭᠦᠢᠴᠡᠳᠬᠡᠬᠦ ᠶᠠᠪᠤᠴᠠ ᠪᠠ | ᠭᠦᠢᠴᠡᠳᠬᠡᠬᠦ ᠵᠦᠭᠯᠡᠭᠦᠷ ᠢ ᠵᠢᠷᠤᠮᠵᠢᠭᠤᠯᠤᠨ ᠲᠡᠭᠦᠯᠳᠡᠷᠵᠢᠭᠦᠯᠵᠦ᠂ ᠰᠦᠯᠵᠢᠶᠡᠨ ᠳᠡᠭᠡᠷ᠎ᠡ ᠥᠪᠡᠷᠲᠡᠭᠡᠨ ᠵᠠᠰᠠᠬᠤ ᠣᠷᠣᠨ ᠤ ᠨᠢᠭᠡ ᠴᠣᠭᠴᠠᠵᠢᠭᠰᠠᠨ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠲᠠᠪᠴᠠᠩ ᠳᠤ ᠲᠦᠰᠢᠭᠯᠡᠨ᠂ ᠮᠥᠩᠬᠡ ᠰᠤᠪᠠᠭ App᠂ ᠥᠪᠥᠷ ᠮᠣᠩᠭᠤᠯ ᠤᠨ ᠡᠮᠴᠢᠯᠡᠭᠡᠨ ᠤ ᠳᠠᠭᠠᠳᠬᠠᠯ ᠤᠨ App᠂ ︽ | ᠥᠪᠥᠷ ᠮᠣᠩᠭᠤᠯ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ︾ ᠵᠢᠵᠢᠭ ᠫᠷᠣᠭ᠍ᠷᠠᠮ ᠢᠶᠠᠷ ᠵᠠᠰᠠᠭ ᠤᠨ ᠶᠠᠪᠤᠳᠠᠯ ᠤᠨ | ᠦᠢᠯᠡᠴᠢᠯᠡᠭᠡ ᠶᠢ ᠨᠢᠭᠡᠳᠦᠯᠲᠡᠢ ᠬᠠᠩᠭᠠᠪᠠ︔ ᠰᠦᠯᠵᠢᠶᠡᠨ ᠭᠠᠳᠠᠨ᠎ᠠ ᠬᠤᠲᠠ᠂ ᠲᠣᠭᠤᠷᠢᠭ ︵ᠬᠤᠰᠢᠭᠤ ᠰᠢᠶᠠᠨ︶ ᠤᠨ ᠬᠤᠶᠠᠷ ᠱᠠᠲᠤᠨ ᠤ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠵᠢᠴᠢ ᠡᠮᠴᠢᠯᠡᠭᠡᠨ ᠤ ᠪᠠᠲᠤᠯᠠᠭ᠎ᠠ᠂ ᠨᠡᠶᠢᠭᠡᠮ ᠤᠨ ᠳᠠᠭᠠᠳᠬᠠᠯ᠂ ᠬᠢᠯᠢ ᠪᠠᠷ ᠣᠷᠣᠵᠤ ᠭᠠᠷᠬᠤ ᠵᠡᠷᠭᠡ ᠲᠤᠰᠬᠠᠢ | ᠬᠤᠪᠢᠶᠠᠷᠢ ᠲᠢᠩᠬᠢᠮ ᠳᠤ ᠨᠡᠶᠢᠳᠡᠮ ᠭᠦᠢᠴᠡᠳᠬᠡᠬᠦ ᠴᠣᠩᠬᠤ ᠲᠣᠬᠢᠷᠠᠭᠤᠯᠵᠤ᠂ ︽ᠣᠨᠳᠣᠣ ᠭᠠᠵᠠᠷ ᠲᠤ ᠮᠠᠲ᠋ᠧᠷᠢᠶᠠᠯ ᠭᠥᠯᠢᠶᠡᠨ ᠠᠪᠬᠤ︱ᠴᠣᠩᠬᠤ ᠪᠠᠷ ᠠᠩᠬ᠎ᠠ | ᠬᠢᠨᠠᠬᠤ︱ᠬᠠᠷᠢᠶ᠎ᠠ ᠭᠠᠵᠠᠷ ᠰᠢᠯᠵᠢᠭᠦᠯᠦᠨ ᠭᠦᠢᠴᠡᠳᠬᠡᠬᠦ︱ᠬᠠᠷᠢᠶ᠎ᠠ ᠭᠠᠵᠠᠷ ᠬᠢᠨᠠᠨ ᠬᠠᠷᠭᠤᠭᠤᠯᠬᠤ︱ᠬᠢᠨᠠᠨ ᠵᠥᠪᠰᠢᠶᠡᠷᠡᠵᠦ ᠲᠣᠭᠲᠠᠭᠠᠬᠤ︱ᠦᠨᠡᠮᠯᠡᠯ | ᠭᠠᠷᠭᠠᠨ ᠬᠦᠷᠭᠡᠬᠦ︾ ᠴᠤᠪᠤᠷᠠᠯ ᠶᠣᠰᠣᠭᠠᠷ᠂ ᠠᠵᠢᠯ ᠭᠦᠢᠴᠡᠳᠭᠡᠭᠴᠢ ᠳᠤ ᠥᠪᠡᠰᠦᠪᠡᠨ ᠦᠢᠯᠡᠴᠢᠯᠡᠬᠦ ᠦᠵᠦᠭᠦᠷ ᠪᠠ ᠶᠡᠷᠦᠩᠬᠡᠶᠢᠯᠡᠭᠰᠡᠨ ᠴᠣᠩᠬᠤ ᠪᠠᠷ ᠬᠢᠨᠠᠨ | ᠵᠥᠪᠰᠢᠶᠡᠷᠡᠬᠦ ᠦᠢᠯᠡᠴᠢᠯᠡᠭᠡ ᠬᠠᠩᠭᠠᠨ᠎ᠠ᠃ ᠡᠭᠦᠨ ᠤ ᠵᠡᠷᠭᠡ ᠳᠤ᠂ ︽ᠣᠷᠣᠨ ᠪᠦᠰᠡ ᠠᠯᠤᠰᠯᠠᠭᠰᠠᠨ ᠨᠡᠶᠢᠳᠡᠮ ᠭᠦᠢᠴᠡᠳᠬᠡᠬᠦ ᠲᠤᠰᠬᠠᠢ ᠴᠣᠩᠬᠤᠨ ᠤ | ᠲᠠᠪᠴᠠᠩ︾ ᠢᠶᠠᠷ ᠳᠠᠮᠵᠢᠭᠤᠯᠤᠨ ︽ᠡᠭᠦᠯᠡᠨ ᠠᠭᠤᠯᠵᠠᠯᠲᠠ︾ ᠶᠢᠨ ᠨᠡᠪᠲᠡᠷᠡᠬᠦ ᠵᠠᠮ ᠢ ᠪᠠᠶᠢᠭᠤᠯᠵᠤ᠂ ᠤᠴᠢᠷ ᠶᠠᠪᠤᠳᠠᠯ ᠭᠦᠢᠴᠡᠳᠭᠡᠭᠴᠢ ᠠᠴᠠ ᠣᠨᠳᠣᠣ | ᠭᠠᠵᠠᠷ ᠠᠴᠠ ᠬᠠᠷᠠᠭᠠᠨ ᠳᠠᠪᠲᠠᠮᠵᠢ ᠪᠠᠷ ᠭᠥᠯᠢᠶᠡᠨ ᠠᠪᠬᠤ ᠵᠦᠢᠯᠡᠰ ᠢ ᠵᠥᠪᠳᠡᠯᠴᠡᠨ ᠶᠠᠷᠢᠯᠴᠠᠵᠤ᠂ ᠤᠴᠢᠷ ᠶᠠᠪᠤᠳᠠᠯ ᠢ ᠭᠥᠯᠢᠶᠡᠨ ᠠᠪᠴᠤ ᠰᠢᠢᠳᠪᠦᠷᠢᠯᠡᠬᠦ | ᠨᠣᠷᠮ᠎ᠠ ᠪᠠ ᠣᠨᠣᠪᠴᠢᠲᠤ ᠴᠢᠨᠠᠷ ᠢ ᠳᠡᠭᠡᠭᠰᠢᠯᠡᠭᠦᠯᠦᠨ᠂ ᠪᠤᠴᠠᠭᠠᠬᠤ ᠵᠦᠢᠯᠡᠰ ᠤᠨ ᠨᠣᠷᠮ᠎ᠠ ᠶᠢ ᠳᠣᠷᠣᠭᠰᠢᠯᠠᠭᠤᠯᠤᠭᠰᠠᠨ ᠪᠠᠶᠢᠨ᠎ᠠ᠃ ᠲᠣᠰ ᠠᠷᠭ᠎ᠠ ᠬᠡᠮᠵᠢᠶ᠎ᠡ ᠨᠢ | ᠬᠥᠬᠡᠬᠤᠲᠠ ᠪᠤᠭᠤᠲᠤ ᠬᠤᠶᠠᠷ ᠭᠠᠵᠠᠷ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢᠨ ᠬᠠᠮᠲᠤᠷᠠᠯᠴᠠᠭᠠᠨ ᠤ ᠣᠷᠳᠣ ᠬᠤᠭᠤᠴᠠᠭᠠᠨ ᠤ ᠪᠦᠲᠦᠮᠵᠢᠲᠡᠶ | ᠬᠥᠭᠵᠢᠯᠲᠡ ᠶᠢᠨ ᠲᠣᠭᠲᠠᠴᠠ᠂ ᠣᠷᠣᠨ ᠪᠦᠰᠡ ᠠᠯᠤᠰᠯᠠᠨ ᠭᠦᠢᠴᠡᠳᠬᠡᠬᠦ᠂ ᠪᠠᠷᠢᠮᠵᠢᠶᠠᠵᠢᠭᠤᠯᠤᠨ ᠪᠦᠲᠦᠭᠡᠨ ᠪᠠᠶᠢᠭᠤᠯᠬᠤ᠂ ᠲᠤᠭ᠎ᠠ ᠪᠠᠷᠢᠮᠲᠠ ᠶᠢ ᠬᠠᠮᠲᠤ ᠪᠠᠷ | ᠡᠳ᠋ᠯᠡᠵᠦ ᠬᠠᠷᠢᠯᠴᠠᠨ ᠬᠡᠷᠡᠭᠯᠡᠬᠦ ᠵᠡᠷᠭᠡ ᠲᠠᠯ᠎ᠠ ᠪᠠᠷ ᠪᠣᠳᠠᠲᠠᠢ ᠦᠢᠯᠡᠳᠦᠯᠭᠡ ᠬᠠᠩᠭᠠᠵᠤ᠂ ᠬᠤᠶᠠᠷ ᠭᠠᠵᠠᠷ ᠤᠨ ᠠᠵᠤ ᠠᠬᠤᠶᠢᠯᠠᠯ ᠣᠯᠠᠨ ᠲᠦᠮᠡᠨ ᠳᠤ | ᠬᠥᠬᠡᠬᠤᠲᠠ ᠪᠤᠭᠤᠲᠤ ᠬᠤᠶᠠᠷ ᠬᠤᠲᠠ ᠶᠢᠨ ᠨᠢᠭᠡ ᠬᠤᠲᠠᠴᠢᠯᠠᠭᠰᠠᠨ ᠬᠥᠭᠵᠢᠯᠲᠡ ᠶᠢᠨ ᠠᠪᠴᠢᠷᠠᠭᠰᠠᠨ ᠲᠥᠬᠦᠮ ᠨᠥᠬᠦᠴᠡᠯ ᠢ ᠦᠨᠡᠨ ᠬᠦ ᠬᠦᠷᠲᠡᠭᠡᠭᠰᠡᠨ | ᠪᠠᠶᠢᠨ᠎ᠠ᠃ | ᠳᠠᠷᠠᠭᠠᠴᠢ ᠶᠢᠨ ᠠᠯᠬᠤᠮ ᠳᠤ᠂ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ︽ | ᠨᠢᠭᠡ ᠪᠦᠯᠦᠭ ᠪᠣᠯᠪᠠᠰᠤᠷᠠᠩᠭᠤᠢ ᠪᠣᠯᠪᠠᠯ᠂ ᠨᠢᠭᠡ ᠪᠦᠯᠦᠭ ᠢ ᠬᠡᠷᠡᠭᠵᠢᠭᠦᠯᠬᠦ︾ ᠰᠡᠳᠬᠢᠴᠡ ᠪᠠᠷ᠂ ᠬᠥᠬᠡᠬᠤᠲᠠ ᠪᠤᠭᠤᠲᠤ ᠬᠤᠶᠠᠷ ᠭᠠᠵᠠᠷ ᠤᠨ ︽ᠣᠨᠳᠣᠣ | ᠭᠠᠵᠠᠷ ᠲᠤ ᠭᠦᠢᠴᠡᠳᠬᠡᠵᠦ ᠪᠣᠯᠬᠤ︾ ᠤᠴᠢᠷ ᠶᠠᠪᠤᠳᠠᠯ ᠤᠨ ᠬᠠᠷᠢᠴᠠᠯ ᠢ ᠦᠷᠭᠦᠯᠵᠢᠯᠡᠨ ᠥᠷᠭᠡᠳᠬᠡᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ | ᠬᠤᠲᠠ ᠢᠯᠭᠠᠬᠤ ᠦᠭᠡᠢ︾ ᠭᠥᠯᠢᠶᠡᠨ ᠠᠪᠴᠤ ᠠᠳᠠᠯᠢ ᠪᠠᠷᠢᠮᠵᠢᠶ᠎ᠠ ᠪᠠᠷ ᠭᠦᠢᠴᠡᠳᠬᠡᠬᠦ ᠶᠢ ᠠᠯᠬᠤᠮ ᠠᠯᠬᠤᠮ ᠢᠶᠠᠷ ᠪᠥᠬᠦ ᠲᠠᠯ᠎ᠠ ᠪᠠᠷ ᠪᠡᠶᠡᠯᠡᠭᠦᠯᠵᠦ᠂ ᠣᠷᠣᠨ | ᠪᠦᠰᠡ ᠶᠢᠨ ᠳᠣᠲᠣᠷᠠᠬᠢ ᠠᠵᠤ ᠠᠬᠤᠶᠢᠯᠠᠯ ᠣᠯᠠᠨ ᠲᠦᠮᠡᠨ ᠢ ︽ᠭᠡᠷ ᠤᠨ ᠡᠭᠦᠳᠡᠨ ᠳᠡᠭᠡᠷ᠎ᠡ︾ ᠪᠠᠨ ᠤᠴᠢᠷ ᠶᠠᠪᠤᠳᠠᠯ ᠢ ᠪᠦᠲᠦᠭᠡᠵᠦ ᠳᠡᠶᠢᠯᠬᠦ ᠪᠣᠯᠭᠠᠵᠤ᠂ | ᠠᠵᠤ ᠠᠬᠤᠶᠢᠯᠠᠯ ᠣᠯᠠᠨ ᠲᠦᠮᠡᠨ ᠤ ᠠᠵᠢᠯ ᠶᠠᠪᠤᠳᠠᠯ ᠭᠦᠢᠴᠡᠳᠬᠡᠬᠦ ᠬᠦᠷᠲᠡᠮᠵᠢ ᠶᠢᠨ ᠲᠥᠷᠥᠭᠳᠡᠯ ᠪᠠ ᠬᠠᠨᠤᠮᠵᠢᠲᠠᠶ ᠲᠥᠷᠥᠭᠳᠡᠯ ᠢ ᠳᠡᠭᠡᠭᠰᠢᠯᠡᠭᠦᠯᠦᠨ᠂ | ᠲᠡᠷᠢᠭᠦᠨ ᠵᠡᠷᠭᠡ ᠶᠢᠨ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠪᠣᠶ ᠪᠣᠯᠭᠠᠨ᠎ᠠ᠃ ︵ᠯᠢ ᠬᠠᠢ ᠵᠧᠨ︶ |