ᠮᠠᠨ ᠤ ᠬᠤᠲᠠ ᠬᠤᠲᠠ ᠶᠢᠨ ᠲᠣᠰ ᠱᠠᠲᠤᠨ ᠤ ᠰᠤᠷᠭᠠᠨ ᠬᠥᠮᠦᠵᠢᠯ ᠤᠨ ᠵᠠᠷᠤᠳᠠᠯ ᠤᠨ ᠨᠡᠮᠡᠯᠲᠡ ᠵᠠᠷᠤᠳᠠᠯ ᠳᠤ 454.50 ᠲᠦᠮᠡᠨ ᠲᠥᠭᠦᠷᠢᠭ ᠪᠠᠭᠤᠯᠭᠠᠪᠠ
ᠨᠡᠶᠢᠲᠡᠯᠡᠭᠰᠡᠨ ᠴᠠᠭ᠄
2024/1/5
      ︵ᠰᠤᠷᠪᠤᠯᠵᠢᠯᠠᠭᠴᠢ ᠰᠥᠩ ᠰᠢᠶᠠᠩ ᠬᠤᠸᠠ︶ ᠣᠶᠢᠷ᠎ᠠ ᠳᠤ᠂ ᠮᠠᠨ ᠤ ᠬᠤᠲᠠ ᠬᠤᠯᠪᠣᠭᠳᠠᠯ ᠪᠦᠬᠦᠢ ᠬᠤᠰᠢᠭᠤ ᠰᠢᠶᠠᠨ ᠲᠣᠭᠤᠷᠢᠭ ᠤᠨ 2023 ᠣᠨ ᠤ ᠬᠤᠲᠠ ᠶᠢᠨ ᠲᠣᠰ ᠱᠠᠲᠤᠨ ᠤ ᠰᠤᠷᠭᠠᠨ ᠬᠥᠮᠦᠵᠢᠯ ᠤᠨ ᠨᠡᠮᠡᠯᠲᠡ ᠵᠠᠷᠤᠳᠠᠯ ᠳᠤ 454.50 ᠲᠦᠮᠡᠨ ᠲᠥᠭᠦᠷᠢᠭ ᠪᠠᠭᠤᠯᠭᠠᠵᠤ᠂ ᠰᠤᠷᠭᠠᠨ ᠬᠥᠮᠦᠵᠢᠯ ᠤᠨ ᠪᠠᠭᠤᠷᠠᠢ ᠭᠤᠭᠴᠤᠭ᠎ᠠ ᠶᠢ ᠰᠠᠶᠢᠵᠢᠷᠠᠭᠤᠯᠬᠤ ᠵᠢᠴᠢ ᠴᠢᠨᠠᠷ ᠰᠠᠶᠢᠲᠠᠢ ᠲᠡᠩᠴᠡᠭᠦᠷᠢᠲᠡᠢ ᠬᠥᠭᠵᠢᠭᠦᠯᠬᠦ ᠲᠥᠰᠥᠯ ᠳᠤ ᠲᠤᠰᠬᠠᠢ ᠬᠡᠷᠡᠭᠯᠡᠬᠦ ᠪᠠᠷ ᠪᠣᠯᠪᠠ᠃      ᠰᠢᠯᠢᠳᠡᠭ ᠰᠤᠷᠭᠠᠨ ᠬᠥᠮᠦᠵᠢᠯ ᠤᠨ ᠬᠠᠩᠭᠠᠯᠭ᠎ᠠ ᠶᠢ ᠨᠡᠮᠡᠭᠳᠡᠭᠦᠯᠵᠦ᠂ ᠰᠤᠷᠭᠠᠨ ᠬᠥᠮᠦᠵᠢᠯ ᠤᠨ ᠬᠦᠷᠢᠶᠡᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠴᠢᠩᠭᠠᠳᠬᠠᠵᠤ᠂ ᠡᠯ᠎ᠡ ᠱᠠᠲᠤ ᠡᠯ᠎ᠡ ᠲᠥᠷᠥᠯ ᠤᠨ ᠰᠤᠷᠭᠠᠨ ᠬᠥᠮᠦᠵᠢᠯ ᠢ ᠨᠢᠭᠡᠳᠦᠯᠲᠡᠢ ᠲᠥᠯᠥᠪᠯᠡᠨ ᠬᠥᠭᠵᠢᠭᠦᠯᠵᠦ᠂ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠳᠡᠭᠡᠭᠰᠢᠯᠡᠭᠦᠯᠵᠦ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠲᠡᠩᠴᠡᠭᠦᠷᠢᠲᠡᠢ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠠᠴᠠ ᠬᠤᠯᠪᠣᠭᠳᠠᠯ ᠪᠦᠬᠦᠢ ᠭᠠᠵᠠᠷ ᠣᠷᠣᠨ ᠢ ᠪᠡᠯᠡ ᠮᠥᠩᠭᠦ ᠶᠢᠨ ᠬᠠᠮᠢᠶᠠᠷᠤᠯᠲᠠ ᠪᠠᠨ ᠴᠢᠩᠭᠠᠳᠬᠠᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠰᠤᠷᠭᠠᠨ ᠬᠥᠮᠦᠵᠢᠯ ᠤᠨ ᠵᠠᠷᠤᠳᠠᠯ ᠤᠨ ᠨᠡᠮᠡᠯᠲᠡ ᠵᠠᠷᠤᠳᠠᠯ ᠢ ᠲᠠᠲᠠᠪᠤᠷᠢᠯᠠᠨ ᠬᠡᠷᠡᠭᠯᠡᠬᠦ ᠬᠠᠮᠢᠶᠠᠷᠤᠯᠲᠠ ᠶᠢᠨ ᠠᠷᠭ᠎ᠠ︾ ᠵᠢᠴᠢ ᠪᠤᠰᠤᠳ ᠤᠯᠤᠰ ᠤᠨ ᠡᠳ᠋ ᠤᠨ ᠵᠠᠰᠠᠭ ᠠᠵᠤ ᠠᠬᠤᠢ ᠶᠢᠨ ᠬᠠᠤᠯᠢ ᠲᠣᠭᠲᠠᠭᠠᠯ ᠤᠨ ᠬᠠᠮᠢᠶ᠎ᠠ ᠪᠦᠬᠦᠢ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ᠲᠤᠰᠬᠠᠢ ᠵᠣᠭᠤᠰ ᠢ ᠲᠤᠰᠬᠠᠢ ᠵᠦᠢᠯ ᠳᠤ ᠬᠡᠷᠡᠭᠯᠡᠨ᠂ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠬᠦ ᠶᠢᠨ ᠬᠠᠮᠲᠤ ᠲᠥᠰᠥᠯ ᠤᠨ ᠠᠮᠵᠢᠯᠲᠠ ᠪᠦᠲᠦᠮᠵᠢ ᠶᠢ ᠦᠨᠡᠯᠡᠬᠦ ᠠᠵᠢᠯ ᠢ ᠬᠢᠨᠠᠮᠠᠭᠠᠢ ᠰᠠᠶᠢᠲᠤᠷ ᠬᠢᠬᠦ ᠬᠡᠷᠡᠭᠲᠡᠢ ᠭᠡᠵᠦ ᠱᠠᠭᠠᠷᠳᠠᠵᠠᠢ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ