ᠮᠠᠨ ᠤ ᠬᠤᠲᠠ ᠳᠤ ᠰᠢᠨ᠎ᠡ ᠶᠢ ᠡᠭᠦᠳᠬᠦ ᠬᠤᠯᠪᠣᠭᠠᠲᠤ ᠴᠣᠭᠴᠠ 25 ᠨᠡᠮᠡᠭᠳᠡᠪᠡ
ᠨᠡᠶᠢᠲᠡᠯᠡᠭᠰᠡᠨ ᠴᠠᠭ᠄
2024/1/8
      ︵ᠰᠤᠷᠪᠤᠯᠵᠢᠯᠠᠭᠴᠢ ᠦ᠋ ᠽᠢ ᠰᠢᠤᠸᠠᠨ ᠴᠢᠮᠡᠭᠡᠯᠡᠭᠴᠢ ᠶᠦᠨ ᠯᠢ ᠵᠢᠶᠦ᠋ᠨ   ᠹᠧᠩ ᠲᠤᠤ︶ ᠣᠶᠢᠷ᠎ᠠ ᠶᠢᠨ ᠡᠳᠦᠷ᠂ ᠬᠤᠳᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ 2023 ᠣᠨ ᠤ ᠬᠤᠶᠠᠳᠤᠭᠠᠷ ᠪᠦᠯᠦᠭ ᠤᠨ ᠬᠥᠬᠡᠬᠤᠲᠠ ᠶᠢᠨ ︽ᠵᠠᠰᠠᠭ ᠤᠨ ᠣᠷᠳᠣᠨ ᠠᠵᠤ ᠠᠬᠤᠶᠢᠯᠠᠯ ᠳᠡᠭᠡᠳᠦ ᠰᠤᠷᠭᠠᠭᠤᠯᠢ ᠰᠤᠳᠤᠯᠭᠠᠨ ᠳᠡᠯᠭᠡᠷᠡᠭᠦᠯᠦᠯᠲᠡ ᠬᠡᠷᠡᠭᠯᠡᠯᠲᠡ ᠪᠡᠯᠡ ᠮᠥᠩᠭᠦ︾ ᠶᠢᠨ ᠰᠢᠨ᠎ᠡ ᠶᠢ ᠡᠭᠦᠳᠬᠦ ᠬᠤᠯᠪᠣᠭᠠᠲᠤ ᠴᠣᠭᠴᠠ ᠶᠢᠨ ᠳᠠᠩᠰᠠᠯᠠᠭᠤᠯᠤᠭᠰᠠᠨ ᠨᠡᠷᠡᠰ ᠢ ᠨᠡᠶᠢᠲᠡᠯᠡᠵᠦ᠂ ᠬᠢᠲᠠᠳ ᠮᠣᠩᠭᠤᠯ ᠡᠮ ᠤᠨ ᠠᠵᠤ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠬᠤᠯᠪᠣᠭᠠᠲᠤ ᠴᠣᠭᠴᠠ᠂ ᠯᠢᠲ᠋ᠢ ᠢᠶᠤᠨ ᠳ᠋ᠢᠶᠠᠨ ᡂᠢ ᠶᠢᠨ ᠲᠠᠰᠤᠯᠤᠪᠴᠢ ᠶᠢᠨ ᠮᠠᠲ᠋ᠧᠷᠢᠶᠠᠯ ᠤᠨ ᠮᠡᠷᠭᠡᠵᠢᠯ ᠤᠨ ᠰᠢᠨ᠎ᠡ ᠶᠢ ᠡᠭᠦᠳᠬᠦ ᠬᠤᠯᠪᠣᠭᠠᠲᠤ ᠴᠣᠭᠴᠠ ᠵᠡᠷᠭᠡ 25 ᠰᠢᠨ᠎ᠡ ᠶᠢ ᠡᠭᠦᠳᠬᠦ ᠬᠤᠯᠪᠣᠭᠠᠲᠤ ᠴᠣᠭᠴᠠ ᠨᠡᠷᠡᠰ ᠲᠤ ᠣᠷᠣᠪᠠ᠃      ᠣᠶᠢᠷ᠎ᠠ ᠶᠢᠨ ᠵᠢᠯ ᠳᠤ᠂ ᠮᠠᠨ ᠤ ᠬᠤᠲᠠ ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠡᠭᠦᠷᠭᠡ ᠶᠢ ᠵᠣᠬᠢᠶᠠᠨ ᠪᠠᠶᠢᠭᠤᠯᠬᠤ ᠠᠷᠭ᠎ᠠ ᠬᠡᠯᠪᠡᠷᠢ ᠪᠠᠨ ᠲᠠᠰᠤᠷᠠᠯᠲᠠ ᠦᠭᠡᠢ ᠥᠭᠡᠷᠡᠴᠢᠯᠡᠵᠦ᠂ ᠠᠬᠤᠢ ᠲᠠᠯᠠᠪᠠᠶ ᠶᠢᠨ ᠬᠡᠷᠡᠭᠯᠡᠯᠲᠡ ᠪᠠᠷ ᠤᠳᠤᠷᠢᠳᠤᠮᠵᠢ ᠪᠣᠯᠭᠠᠵᠤ᠂ ᠲᠣᠰ ᠭᠠᠵᠠᠷ ᠣᠷᠣᠨ ᠤ ᠠᠵᠤ ᠠᠬᠤᠶᠢᠯᠠᠯ ᠤᠨ ᠣᠷᠣᠨ ᠤ ᠳᠣᠲᠣᠷ᠎ᠠ ᠭᠠᠳᠠᠨᠠᠬᠢ ᠳᠡᠭᠡᠳᠦ ᠰᠤᠷᠭᠠᠭᠤᠯᠢ ᠬᠦᠷᠢᠶᠡᠯᠡᠩ ᠭᠠᠵᠠᠷ᠂ ᠠᠵᠤ ᠠᠬᠤᠶᠢᠯᠠᠯ ᠯᠤᠭ᠎ᠠ ᠰᠢᠨ᠎ᠡ ᠶᠢ ᠡᠭᠦᠳᠬᠦ ᠳᠤ ᠬᠠᠮᠲᠤᠷᠠᠨ ᠬᠥᠳᠡᠯᠦᠯᠴᠡᠬᠦ ᠶᠢ ᠢᠳᠡᠪᠬᠢᠲᠡᠢ ᠥᠷᠨᠢᠭᠦᠯᠬᠦ ᠶᠢ ᠳᠡᠮᠵᠢᠵᠦ᠂ ᠠᠵᠤ ᠠᠬᠤᠶᠢᠯᠠᠯ ᠢᠶᠠᠷ ᠭᠤᠣᠯ ᠴᠣᠭᠴᠠ ᠪᠣᠯᠭᠠᠭᠰᠠᠨ᠂ ᠵᠠᠬ᠎ᠠ ᠳᠡᠯᠭᠡᠭᠦᠷ ᠢᠶᠠᠷ ᠤᠳᠤᠷᠢᠳᠤᠮᠵᠢ ᠪᠣᠯᠭᠠᠭᠰᠠᠨ᠂ ᠠᠵᠤ ᠠᠬᠤᠶᠢᠯᠠᠯ ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢ ᠬᠠᠷᠢᠯᠴᠠᠨ ᠤᠶᠠᠯᠳᠤᠭᠤᠯᠤᠭᠰᠠᠨ ᠮᠡᠷᠭᠡᠵᠢᠯ ᠤᠨ ᠰᠢᠨ᠎ᠡ ᠶᠢ ᠡᠭᠦᠳᠬᠦ ᠰᠢᠰᠲ᠋ᠧᠮᠵᠢ ᠶᠢ ᠠᠯᠬᠤᠮ ᠠᠯᠬᠤᠮ ᠢᠶᠠᠷ ᠪᠣᠶ ᠪᠣᠯᠭᠠᠵᠤ᠂ ᠵᠠᠰᠠᠭ ᠤᠨ ᠣᠷᠳᠣᠨ ᠤ ᠰᠠᠯᠠᠭ᠎ᠠ ᠮᠥᠴᠢᠷ ᠠᠴᠠ ᠬᠥᠲᠥᠯᠥᠨ ᠵᠢᠯᠤᠭᠤᠳᠴᠤ ᠠᠬᠢᠭᠤᠯᠬᠤ᠂ ᠠᠵᠤ ᠠᠬᠤᠶᠢᠯᠠᠯ ᠰᠠᠨᠠᠭᠠᠴᠢᠯᠠᠭ᠎ᠠ ᠠᠴᠠ ᠪᠠᠨ ᠲᠦᠷᠦᠭᠦᠯᠡᠬᠦ᠂ ᠰᠢᠨᠵᠢᠯᠡᠬᠦ ᠤᠬᠠᠭᠠᠨ ᠤ ᠰᠤᠳᠤᠯᠤᠯ ᠪᠠ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠲᠤᠯᠭᠠᠭᠤᠷᠢᠯᠠᠨ ᠦᠢᠯᠡᠴᠢᠯᠡᠬᠦ ᠶᠢ ᠬᠠᠷᠢᠯᠴᠠᠨ ᠤᠶᠠᠯᠳᠤᠭᠤᠯᠤᠭᠰᠠᠨ ᠬᠠᠮᠵᠢᠯᠴᠠᠨ ᠰᠢᠨ᠎ᠡ ᠶᠢ ᠡᠭᠦᠳᠬᠦ ᠵᠠᠭᠪᠤᠷ ᠢ ᠪᠠᠶᠢᠭᠤᠯᠪᠠ᠃ ᠣᠲᠣ ᠪᠣᠯᠲᠠᠯ᠎ᠠ᠂ ᠮᠠᠨ ᠤ ᠬᠤᠲᠠ ᠳᠤ ᠥᠪᠡᠷᠲᠡᠭᠡᠨ ᠵᠠᠰᠠᠬᠤ ᠣᠷᠣᠨ ᠤ ᠰᠢᠨ᠎ᠡ ᠶᠢ ᠡᠭᠦᠳᠬᠦ ᠬᠤᠯᠪᠣᠭᠠᠲᠤ ᠴᠣᠭᠴᠠ 9᠂ ᠬᠤᠲᠠ ᠶᠢᠨ ᠲᠠᠰ ᠤᠨ ᠰᠢᠨ᠎ᠡ ᠶᠢ ᠡᠭᠦᠳᠬᠦ ᠬᠤᠯᠪᠣᠭᠠᠲᠤ ᠴᠣᠭᠴᠠ 42 ᠪᠠᠶᠢᠵᠤ᠂ ᠠᠮᠢᠳᠤ ᠪᠣᠳᠠᠰ ᠤᠨ ᠡᠮ ᠡᠮᠨᠡᠯᠭᠡ᠂ ᠰᠦ ᠶᠢᠨ ᠦᠢᠯᠡᠰ᠂ ᠰᠢᠨ᠎ᠡ ᠮᠠᠲ᠋ᠧᠷᠢᠶᠠᠯ᠂ ᠮᠡᠳᠡᠭᠡ ᠵᠠᠩᠭᠢ ᠶᠢᠨ ᠮᠡᠷᠭᠡᠵᠢᠯ ᠵᠡᠷᠭᠡ ᠣᠯᠠᠨ ᠭᠤᠣᠯᠳᠠᠯᠭ᠎ᠠ ᠲᠠᠢ ᠬᠦᠷᠢᠶᠡᠨ ᠳᠤ ᠬᠤᠯᠪᠣᠭᠳᠠᠵᠤ ᠪᠠᠶᠢᠨ᠎ᠠ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ