ᠵᠢᠨᠱᠠᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠵᠢᠩᠬᠢᠨᠢ ᠪᠠᠷ ᠠᠰᠢᠭᠯᠠᠯᠲᠠ ᠳᠤ ᠣᠷᠣᠪᠠ
ᠨᠡᠶᠢᠲᠡᠯᠡᠭᠰᠡᠨ ᠴᠠᠭ᠄
2024/1/9
微信图片_20240109153253.jpg
       ᠥᠪᠡᠷᠲᠡᠭᠡᠨ ᠵᠠᠰᠠᠬᠤ ᠣᠷᠣᠨ᠂ ᠬᠤᠲᠠ ᠬᠤᠶᠠᠷ ᠱᠠᠲᠤᠨ ᠤ ︽ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠡᠶᠢᠰᠢ ᠤᠷᠲᠤᠳᠬᠠᠬᠤ ᠶᠢ ᠲᠦᠷᠭᠡᠳᠬᠡᠨ ᠠᠬᠢᠭᠤᠯᠬᠤ ᠲᠤᠬᠠᠢ ᠮᠡᠳᠡᠭᠳᠡᠯ︾ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ  ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠤᠰᠠᠳᠠ᠂ ᠵᠢᠨᠱᠠᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠪᠡᠯᠡ ᠣᠷᠣᠭᠤᠯᠤᠯᠲᠠ ᠶᠢ ᠠᠬᠢᠭᠤᠯᠬᠤ ᠲᠣᠪᠴᠢᠶ᠎ᠠ︵ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ︶ ᠱᠠᠭᠠᠷᠳᠠᠯᠭ᠎ᠠ ᠶᠣᠰᠣᠭᠠᠷ ᠶᠡᠭᠡ ᠲᠢᠩᠬᠢᠮ ᠤᠨ ᠦᠨᠳᠦᠰᠦᠨ ᠪᠦᠲᠦᠭᠡᠨ ᠪᠠᠶᠢᠭᠤᠯᠤᠯᠲᠠ᠂ ᠡᠩᠨᠡᠭᠡ ᠶᠢᠨ ᠪᠠᠶᠢᠭᠤᠯᠤᠯᠲᠠ᠂ ᠡᠷᠬᠡ ᠣᠯᠭᠤᠬᠤ ᠵᠦᠢᠯᠡᠰ ᠵᠡᠷᠭᠡ ᠲᠠᠯ᠎ᠠ ᠶᠢᠨ ᠠᠵᠢᠯ ᠢ ᠥᠷᠨᠢᠭᠦᠯᠵᠦ᠂ 4 ᠰᠠᠷ᠎ᠠ ᠭᠠᠷᠤᠢ ᠶᠢᠨ ᠬᠤᠭᠤᠴᠠᠭ᠎ᠠ ᠶᠢ ᠬᠡᠷᠡᠭᠰᠡᠵᠦ ᠡᠴᠦᠰ ᠲᠡᠭᠡᠨ ︽ᠬᠦᠷᠢᠶᠡᠯᠡᠩ ᠲᠣᠭᠤᠷᠢᠭ ᠤᠨ ᠬᠡᠷᠡᠭ ᠶᠠᠪᠤᠳᠠᠯ ᠢ ᠬᠦᠷᠢᠶᠡᠯᠡᠩ ᠲᠣᠭᠤᠷᠢᠭ ᠳᠣᠲᠣᠷ᠎ᠠ ᠭᠦᠢᠴᠡᠳᠬᠡᠬᠦ︾ ᠶᠡᠷᠦᠩᠬᠡᠢ ᠬᠠᠷᠠᠯᠲᠠ ᠶᠢ ᠪᠡᠶᠡᠯᠡᠭᠦᠯᠵᠦ᠂ ᠵᠢᠨᠱᠠᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠲᠦᠷᠦᠭᠦᠬᠡᠨ ᠵᠢᠩᠬᠢᠨᠢ ᠪᠠᠷ ᠠᠰᠢᠭᠯᠠᠯᠲᠠ ᠳᠤ ᠣᠷᠣᠪᠠ᠃ ᠵᠢᠷᠤᠭ ᠪᠣᠯ ᠵᠢᠨᠱᠠᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠤᠨ ᠠᠵᠢᠯᠲᠠᠳ ᠠᠵᠤ ᠠᠬᠤᠶᠢᠯᠠᠯ ᠳᠤ ᠲᠤᠬᠠᠶᠢᠯᠠᠭᠰᠠᠨ ᠠᠵᠢᠯ ᠭᠦᠢᠴᠡᠳᠬᠡᠵᠦ ᠪᠠᠶᠢᠭ᠎ᠠ ᠨᠢ᠃      ᠰᠤᠷᠪᠤᠯᠵᠢᠯᠠᠭᠴᠢ ᠭᠧᠩ ᠰᠢᠨ ᠰᠡᠭᠦᠳᠡᠷᠯᠡᠪᠡ
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ