ᠬᠥᠬᠡᠬᠤᠲᠠ ᠨᠢᠭᠡᠨᠲᠡ 3.8 ᠳ᠋ᠦᠩᠰᠢᠭᠤᠷ ᠲᠥᠭᠦᠷᠢᠭ ᠤᠨ ᠠᠵᠢᠯ ᠣᠯᠭᠤᠯᠲᠠ ᠶᠢᠨ ᠨᠥᠬᠦᠪᠥᠷᠢ ᠪᠡᠯᠡ ᠮᠥᠩᠭᠦ ᠪᠠᠭᠤᠯᠭᠠᠵᠠᠢ
ᠨᠡᠶᠢᠲᠡᠯᠡᠭᠰᠡᠨ ᠴᠠᠭ᠄
2024/10/11
      ︵ᠰᠤᠷᠪᠤᠯᠵᠢᠯᠠᠭᠴᠢ ᠰᠦᠩ ᠰᠢᠶᠠᠩ ᠬᠤᠸᠠ︶ 1 ᠠᠴᠠ 9 ᠳ᠋ᠦ᠋ᠭᠡᠷ ᠰᠠᠷ᠎ᠠ ᠪᠣᠯᠲᠠᠯ᠎ᠠ᠂ ᠬᠥᠬᠡᠬᠤᠲᠠ ᠳᠡᠭᠡᠳᠦ ᠱᠠᠲᠤᠨ ᠠᠴᠠ ᠪᠠᠭᠤᠯᠭᠠᠭᠰᠠᠨ ᠠᠵᠢᠯ ᠣᠯᠭᠤᠯᠲᠠ ᠶᠢᠨ ᠨᠥᠬᠦᠪᠥᠷᠢ ᠮᠥᠩᠭᠦ ᠶᠢ ᠨᠡᠢᠲᠡ 3.57 ᠳ᠋ᠦᠩᠰᠢᠭᠤᠷ ᠲᠥᠭᠦᠷᠢᠭ ᠣᠯᠵᠠᠢ᠃ 2024 ᠣᠨ ᠳᠤ᠂ ᠬᠤᠲᠠ ᠶᠢᠨ ᠲᠣᠰ ᠱᠠᠲᠤ ᠠᠵᠢᠯ ᠣᠯᠭᠤᠯᠲᠠ ᠶᠢᠨ ᠨᠥᠬᠦᠪᠥᠷᠢ ᠶᠢᠨ ᠪᠠᠯᠠ ᠮᠥᠩᠭᠦ ᠶᠢᠨ ᠲᠥᠰᠦᠪ ᠢ 1.25 ᠳ᠋ᠦᠩᠰᠢᠭᠤᠷ ᠲᠥᠭᠦᠷᠢᠭ ᠳᠣᠭᠢᠷᠠᠭᠤᠯᠵᠤ᠂ ᠭᠤᠤᠯᠳᠠᠭᠤ ᠨᠡᠶᠢᠭᠡᠮ ᠤᠨ ᠳᠠᠭᠠᠳᠬᠠᠯ ᠤᠨ ᠨᠥᠬᠦᠪᠥᠷᠢ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢᠨ ᠨᠥᠬᠦᠪᠥᠷᠢ᠂ ᠠᠵᠢᠯ ᠡᠷᠢᠵᠦ ᠦᠢᠯᠡᠰ ᠴᠣᠭᠴᠠᠯᠠᠬᠤ ᠨᠥᠬᠦᠪᠥᠷᠢ᠂ ᠨᠢᠭᠡ ᠤᠳᠠᠭ᠎ᠠ ᠶᠢᠨ ᠴᠢᠨᠠᠷᠲᠠᠢ ᠠᠵᠢᠯ ᠣᠯᠭᠤᠯᠲᠠ ᠶᠢᠨ ᠨᠥᠬᠦᠪᠥᠷᠢ᠂ ᠠᠵᠢᠯ ᠣᠯᠭᠤᠯᠲᠠ ᠶᠢᠨ ᠳᠠᠳᠤᠯᠭ᠎ᠠ ᠶᠢᠨ ᠨᠥᠬᠦᠪᠥᠷᠢ ᠵᠡᠷᠭᠡ ᠡᠯ᠎ᠡ ᠵᠦᠢᠯ ᠤᠨ ᠠᠵᠢᠯ ᠣᠯᠭᠤᠵᠤ ᠦᠢᠯᠡᠰ ᠴᠣᠭᠴᠠᠯᠠᠬᠤ ᠶᠢ ᠲᠡᠳᠬᠦᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠳᠤ ᠬᠡᠷᠡᠭᠯᠡᠪᠡ᠃ ᠣᠳᠣᠬᠠᠨ ᠪᠣᠯᠲᠠᠯ᠎ᠠ᠂ ᠨᠢᠭᠡᠨᠲᠡ 3.8 ᠳ᠋ᠦᠩᠰᠢᠭᠤᠷ ᠲᠥᠭᠦᠷᠢᠭ ᠤᠨ ᠠᠵᠢᠯ ᠣᠯᠭᠤᠯᠲᠠ ᠶᠢᠨ ᠨᠥᠬᠦᠪᠥᠷᠢ ᠮᠥᠩᠭᠦ ᠪᠠᠭᠤᠯᠭᠠᠪᠠ᠃       ᠤᠶᠢᠷ᠎ᠠ ᠶᠢᠨ ᠵᠢᠯ ᠠᠴᠠ ᠨᠠᠭᠠᠰᠢ᠂ ᠬᠥᠬᠡᠬᠤᠲᠠ ᠶᠢᠨ ᠡᠳ᠋ ᠤᠨ ᠵᠠᠰᠠᠭ ᠨᠢ ᠦᠢᠯᠡᠰ ᠴᠣᠭᠴᠠᠯᠠᠬᠤ ᠳᠠᠭᠠᠭᠠᠯᠲᠠ ᠲᠠᠢ ᠵᠢᠭᠡᠯᠡᠯᠭᠡ ᠶᠢᠨ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢ ᠢᠳᠡᠪᠬᠢᠲᠡᠢ ᠨᠠᠢᠳᠠᠪᠤᠷᠢᠵᠢᠭᠤᠯᠵᠤ᠂ ᠲᠤᠬᠠᠢ ᠶᠢᠨ ᠭᠠᠵᠠᠷ ᠣᠷᠣᠨ ᠤ ᠪᠠᠢᠳᠠᠯ ᠳᠠᠭᠠᠨ ᠲᠣᠬᠢᠷᠠᠭᠤᠯᠤᠨ ᠲᠥᠷᠥ ᠶᠢᠨ ᠪᠣᠳᠣᠯᠭ᠎ᠠ ᠶᠢᠨ ᠦᠷ᠎ᠡ  ᠠᠰᠢᠭ ᠢ ᠳᠡᠭᠡᠭᠰᠢᠯᠡᠭᠦᠯᠵᠦ᠂ ᠲᠡᠭᠦᠨ ᠤ ᠲᠦᠭᠡᠮᠡᠯ ᠬᠠᠷᠠᠭᠠᠯᠵᠠᠯ ᠲᠠᠢ ᠮᠥᠩᠭᠦᠨ ᠭᠦᠢᠯᠭᠡᠭᠡᠨ ᠤ ᠬᠠᠷᠢᠶᠠᠲᠤ ᠴᠢᠨᠠᠷ ᠢ ᠪᠠᠳᠠᠷᠠᠭᠤᠯᠬᠤ ᠶᠢ ᠦᠨᠡᠨᠬᠦ ᠪᠠᠲᠤᠯᠠᠵᠤ᠂ ᠪᠦᠬᠦ ᠬᠤᠲᠠ ᠶᠢᠨ ᠦᠢᠯᠡᠰ ᠴᠣᠭᠴᠠᠯᠠᠬᠤ ᠬᠥᠮᠦᠰ ᠲᠤ ᠠᠰᠢᠭ ᠬᠦᠷᠲᠡᠭᠡᠵᠦ᠂ ᠦᠢᠯᠡᠰ ᠴᠣᠭᠴᠠᠯᠠᠬᠤ ᠪᠠᠷ ᠠᠵᠢᠯ ᠤᠯᠭᠤᠯᠲᠠ ᠶᠢ ᠳᠠᠶᠢᠴᠢᠯᠠᠬᠤ ᠶᠢ ᠠᠬᠢᠭᠤᠯᠪᠠ᠃ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠨᠡᠢᠲᠡᠯᠡᠵᠦ᠂ ︽ᠲᠡᠭᠦᠰᠦᠭᠰᠡᠨ ᠲᠠᠪᠤᠨ ᠵᠢᠯ ᠤᠨ ᠳᠣᠲᠣᠷ᠎ᠠ ᠬᠥᠬᠡᠬᠤᠲᠠ ᠣᠷᠣᠨ ᠳᠤ ᠦᠢᠯᠡᠰ ᠴᠣᠭᠴᠠᠯᠠᠬᠤ ᠶᠡᠭᠡ ᠳᠡᠭᠡᠳᠦ ᠰᠤᠷᠭᠠᠭᠤᠯᠢ ᠲᠡᠭᠦᠰᠦᠭᠰᠡᠨ ᠰᠤᠷᠤᠭᠴᠢᠳ ᠲᠤ ᠬᠠᠮᠤᠭ ᠦᠨᠳᠦᠷ ᠲᠡᠭᠡᠨ 50 ᠲᠦᠮᠡᠨ ᠲᠦᠭᠦᠷᠢᠭ ᠤᠨ ᠳᠠᠭᠠᠭᠠᠯᠲᠠ ᠲᠠᠢ ᠵᠢᠭᠡᠯᠡᠯᠭᠡ ᠶᠢᠨ ᠳᠡᠮᠵᠢᠯᠭᠡ ᠣᠯᠭᠤᠵᠤ᠂ ᠤᠯᠤᠰ ᠤᠨ ᠲᠣᠭᠲᠠᠭᠠᠭᠰᠠᠨ ᠲᠤᠭ᠎ᠠ ᠬᠡᠮᠵᠢᠶ᠎ᠡ ᠠᠴᠠ ᠬᠡᠲᠦᠷᠡᠭᠰᠡᠨ ᠵᠢᠭᠡᠯᠡᠯᠭᠡ ᠶᠢᠨ ᠬᠦᠦ ᠮᠥᠩᠭᠦ ᠶᠢ ᠬᠤᠲᠠ ᠰᠢᠶᠠᠨ ᠬᠤᠶᠠᠷ ᠱᠠᠲᠤᠨ ᠤ ᠡᠳ᠋ ᠤᠨ ᠵᠠᠰᠠᠭ ᠠᠴᠠ ᠡᠭᠦᠷᠭᠡᠯᠡᠬᠦ ᠬᠡᠷᠡᠭᠲᠡᠢ︾ ᠭᠡᠵᠦ ᠲᠣᠭᠲᠠᠭᠠᠵᠤ᠂ ︽ᠬᠥᠬᠡᠬᠤᠲᠠ ᠶᠢᠨ ᠦᠢᠯᠡᠰ ᠴᠣᠭᠴᠠᠯᠠᠬᠤ ᠳᠠᠭᠠᠭᠠᠯᠲᠠ ᠲᠠᠢ ᠵᠢᠭᠡᠯᠡᠯᠭᠡ ᠶᠢᠨ ᠬᠠᠮᠢᠶᠠᠷᠤᠯᠲᠠ ᠶᠢᠨ ᠠᠷᠭ᠎ᠠ︾ ᠶᠢ ᠨᠡᠶᠢᠲᠡᠯᠡᠨ᠂ ᠦᠢᠯᠡᠰ ᠴᠣᠭᠴᠠᠯᠠᠬᠤ ᠳᠠᠭᠠᠭᠠᠯᠲᠠ ᠲᠠᠢ ᠵᠢᠭᠡᠯᠡᠯᠭᠡ ᠶᠢᠨ ᠬᠠᠮᠢᠶᠠᠷᠤᠯᠲᠠ ᠶᠢᠨ ᠳᠦᠷᠢᠮ ᠢ ᠤᠯᠠᠮ ᠨᠢᠭᠡ ᠠᠯᠬᠤᠮ ᠲᠣᠳᠣᠷᠬᠠᠢᠯᠠᠭᠰᠠᠨ ᠪᠠᠢᠨ᠎ᠠ᠃ ᠡᠭᠦᠨ ᠤ ᠬᠠᠮᠲᠤ᠂ ᠲᠦᠭᠰᠢᠭᠦᠷᠢ ᠶᠢ ᠬᠠᠮᠲᠤ ᠪᠠᠷ ᠡᠭᠦᠷᠭᠡᠯᠡᠬᠦ ᠲᠣᠭᠲᠠᠴᠠ ᠶᠢ ᠪᠠᠶᠢᠭᠤᠯᠵᠤ᠂ ᠡᠯ᠎ᠡ ᠵᠢᠭᠡᠯᠡᠯᠭᠡ ᠲᠠᠯᠪᠢᠬᠤ ᠪᠠᠩᠬᠢ ᠯᠤᠭ᠎ᠠ ᠦᠢᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠶᠢᠨ ᠰᠠᠭᠤᠷᠢ ᠮᠥᠩᠭᠦ᠂ ᠵᠠᠰᠠᠭ ᠤᠨ ᠣᠷᠳᠣᠨ ᠤ ᠴᠢᠨᠠᠷᠲᠠᠢ ᠪᠡᠯᠡ ᠲᠣᠬᠢᠷᠠᠭᠤᠯᠬᠤ ᠳᠠᠭᠠᠭᠠᠯᠲᠠ ᠶᠢᠨ ᠪᠠᠶᠢᠭᠤᠯᠤᠮᠵᠢ ᠪᠠ ᠵᠢᠭᠡᠯᠡᠯᠭᠡ ᠲᠠᠯᠪᠢᠬᠤ ᠪᠠᠩᠬᠢ 5᠄ 3᠄ 2 ᠤᠨ ᠬᠠᠷᠢᠴᠠᠯ ᠢᠶᠠᠷ ᠦᠢᠯᠡᠰ ᠴᠣᠭᠴᠠᠯᠠᠬᠤ ᠳᠠᠭᠠᠭᠠᠯᠲᠠ ᠲᠠᠢ ᠵᠢᠭᠡᠯᠡᠯᠭᠡ ᠶᠢᠨ ᠲᠦᠭᠰᠢᠭᠦᠷᠢ ᠶᠢ ᠬᠠᠮᠲᠤ ᠪᠠᠷ ᠡᠭᠦᠷᠭᠡᠯᠡᠬᠦ ᠶᠢ ᠲᠣᠳᠣᠷᠬᠠᠶᠢᠯᠠᠪᠠ᠃ 2024 ᠣᠨ ᠳᠤ᠂ 108 ᠬᠤᠪᠢ ᠬᠥᠮᠦᠨ ᠪᠠ ᠵᠢᠵᠢᠭ ᠪᠢᠴᠢᠯ ᠠᠵᠤ ᠠᠬᠤᠶᠢᠯᠠᠯ ᠳᠤ 5601 ᠲᠦᠮᠡᠨ ᠲᠥᠭᠦᠷᠢᠭ ᠤᠨ ᠦᠢᠯᠡᠰ ᠴᠣᠭᠴᠠᠯᠠᠬᠤ ᠳᠠᠭᠠᠭᠠᠯᠲᠠ ᠲᠠᠢ ᠵᠢᠭᠡᠯᠡᠯᠭᠡ ᠲᠠᠯᠪᠢᠪᠠ᠃
ᠢᠷᠡᠯᠲᠡ᠄ ᠲᠣᠲᠣᠷᠬᠠᠢ ᠦᠭᠡᠢ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ