ᠪᠡᠭᠡᠵᠢᠩ ᠲᠢᠶᠠᠨᠵᠢᠨ ᠡᠾᠧᠪᠸᠢ ᠶᠢᠨ ᠤᠯᠤᠰ ᠤᠨ ᠮᠡᠷᠭᠡᠵᠢᠯ ᠤᠨ ᠰᠢᠨ᠎ᠡ ᠡᠭᠦᠳᠦᠯᠲᠡ ᠶᠢᠨ ᠲᠥᠪ ᠤᠨ ᠬᠥᠬᠡᠬᠤᠲᠠ ᠳᠠᠬᠢ ᠰᠤᠳᠤᠯᠭᠠᠨ ᠤ ᠲᠥᠪ ᠠᠵᠢᠯ ᠢᠶᠠᠨ ᠡᠬᠢᠯᠡᠭᠦᠯᠵᠦ ᠰᠢᠪᠲᠤᠯᠤᠯᠲᠠ ᠶᠢᠨ ᠴᠢᠨᠠᠷᠲᠠᠢ ᠠᠬᠢᠴᠠ ᠲᠠᠢ ᠪᠣᠯᠪᠠ
ᠨᠡᠶᠢᠲᠡᠯᠡᠭᠰᠡᠨ ᠴᠠᠭ᠄
2024/10/11
      ᠪᠡᠭᠡᠵᠢᠩ ᠲᠢᠶᠠᠨᠵᠢᠨ ᠾᠧᠪᠧᠢ ᠶᠢᠨ ᠤᠯᠤᠰ ᠤᠨ ᠮᠡᠷᠭᠡᠵᠢᠯ ᠤᠨ ᠰᠢᠨ᠎ᠡ ᠡᠭᠦᠳᠦᠯᠲᠡ ᠶᠢᠨ ᠲᠥᠪ ᠤᠨ ᠬᠥᠬᠡᠬᠤᠲᠠ ᠳᠠᠬᠢ ᠰᠤᠳᠤᠯᠭᠠᠨ ᠤ ᠲᠥᠪ ᠠᠵᠢᠯ ᠢᠶᠠᠨ ᠡᠬᠢᠯᠡᠭᠦᠯᠵᠦ ᠰᠢᠪᠲᠤᠯᠤᠯᠲᠠ ᠶᠢᠨ ᠴᠢᠨᠠᠷᠲᠠᠢ ᠠᠬᠢᠴᠠ ᠲᠠᠢ ᠪᠣᠯᠪᠠ᠃ ᠨᠢᠭᠡ ᠳᠤ᠂ ᠱᠠᠩᠬᠠᠶ᠂ ᠭᠤᠸᠠᠩᠵᠧᠦ᠂ ᠦᠬᠠᠨ ᠤ ᠨᠤᠷᠠᠭᠠᠯᠲᠠ ᠶᠢᠨ ᠴᠢᠨᠠᠷᠲᠠᠶ ᠮᠡᠷᠭᠡᠵᠢᠯ ᠤᠨ ᠲᠥᠪ ᠤᠨ ᠦᠢᠯᠡᠳᠦᠯᠭᠡ ᠶᠢᠨ ᠲᠤᠷᠰᠢᠯᠭ᠎ᠠ ᠪᠠᠷ ᠭᠦᠢᠴᠡᠳ ᠲᠣᠯᠢ ᠪᠣᠯᠭᠠᠵᠤ᠂ ︽ᠲᠠᠯᠠᠪᠠᠢ ᠭᠠᠵᠠᠷ ᠢ ᠨᠢ ᠲᠦᠪᠯᠡᠷᠡᠭᠦᠯᠬᠦ᠂ ᠰᠠᠯᠠᠭ᠎ᠠ ᠮᠦᠴᠢᠷ ᠤᠳ ᠬᠤᠯᠪᠤᠭᠠᠯᠠᠨ ᠬᠦᠳᠡᠯᠦᠯᠴᠡᠬᠦ᠂ ᠣᠯᠠᠨ ᠲᠠᠯ᠎ᠠ ᠪᠠᠷ ᠢᠶᠠᠨ ᠬᠠᠮᠵᠢᠯᠴᠠᠬᠤ᠂ ᠨᠢᠭᠡᠳᠦᠯᠲᠡᠢ ᠬᠠᠮᠢᠶᠠᠷᠬᠤ︾ ᠬᠡᠪ ᠵᠠᠭᠪᠤᠷ ᠶᠣᠰᠤᠭᠠᠷ ︽ᠤᠯᠤᠰ + ᠥᠪᠡᠷᠲᠡᠭᠡᠨ ᠵᠠᠰᠠᠬᠤ ᠣᠷᠣᠨ + ᠠᠶᠢᠮᠠᠭ ᠬᠤᠲᠠ + ᠬᠤᠰᠢᠭᠤ ᠰᠢᠶᠠᠨ ᠲᠣᠭᠤᠷᠢᠭ︾ ᠳᠥᠷᠪᠡᠨ ᠲᠠᠯ᠎ᠠ ᠪᠠᠷ ᠢᠶᠠᠨ ᠬᠠᠮᠲᠤᠷᠠᠨ ᠬᠥᠳᠡᠯᠦᠯᠴᠡᠬᠦ ︵ᠪᠡᠭᠡᠵᠢᠩ ᠲᠢᠶᠠᠨᠵᠢᠨ ᠾᠧᠪᠧᠶ ᠶᠢᠨ ᠤᠯᠤᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ᠂ ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠤᠳᠤᠯᠭᠠᠨ ᠤ ᠬᠦᠷᠢᠶᠡᠯᠡᠩ᠂ ᠬᠥᠬᠡᠬᠤᠲᠠ ᠶᠢᠨ ᠵᠠᠰᠠᠭ ᠤᠨ ᠣᠷᠳᠣᠨ᠂ ᠰᠢᠨ᠎ᠡ ᠬᠤᠲᠠ ᠲᠣᠭᠤᠷᠢᠭ ᠤᠨ ᠵᠠᠰᠠᠭ ᠤᠨ ᠣᠷᠳᠣᠨ︶ ᠠᠵᠢᠯᠯᠠᠭᠠᠨ ᠤ ᠲᠣᠭᠲᠠᠴᠠ ᠶᠢ ᠲᠣᠭᠲᠠᠭᠠᠵᠤ᠂ ᠪᠡᠭᠡᠵᠢᠩ ᠲᠢᠶᠠᠨᠵᠢᠨ ᠾᠧᠪᠧᠶ ᠶᠢᠨ ᠤᠯᠤᠰ ᠤᠨ ᠮᠡᠷᠭᠡᠵᠢᠯ ᠤᠨ ᠰᠢᠨ᠎ᠡ ᠡᠭᠦᠳᠦᠯᠲᠡ ᠶᠢᠨ ᠲᠥᠪ ᠤᠨ ᠬᠥᠬᠡᠬᠤᠲᠠ ᠳᠠᠬᠢ ᠰᠤᠳᠤᠯᠭᠠᠨ ᠤ ᠲᠥᠪ ᠤᠨ ᠠᠵᠢᠯ ᠢᠶᠠᠨ ᠡᠬᠢᠯᠡᠭᠦᠯᠬᠦ ᠳᠤ ᠲᠦᠷᠢᠮ ᠤᠨ ᠲᠤᠯᠭᠠᠭᠤᠷᠢᠯᠠᠯ ᠬᠠᠩᠭᠠᠪᠠ᠃ ᠬᠤᠶᠠᠷ ᠲᠤ᠂ ᠪᠡᠭᠡᠵᠢᠩ ᠲᠢᠶᠠᠨᠵᠢᠨ ᠡᡁᠧᠪᠸᠢ ᠶᠢᠨ ᠤᠯᠤᠰ ᠤᠨ ᠮᠡᠷᠭᠡᠵᠢᠯ ᠤᠨ ᠰᠢᠨ᠎ᠡ ᠡᠭᠦᠳᠦᠯᠲᠡ ᠶᠢᠨ ᠲᠥᠪ ᠤᠨ ᠳᠣᠣᠷᠠᠬᠢ ᠪᠡᠯᠡ ᠣᠷᠣᠭᠤᠯᠤᠯᠲᠠ ᠶᠢᠨ ᠪᠠᠶᠢᠭᠤᠯᠤᠮᠵᠢ ᠪᠣᠯᠬᠤ ᠪᠡᠭᠡᠵᠢᠩ ᠤᠨ ᠬᠠᠮᠵᠢᠯᠴᠠᠭ᠎ᠠ ᠰᠢᠨ᠎ᠡ ᠡᠭᠦᠳᠦᠯᠲᠡ ᠪᠡᠯᠡ ᠣᠷᠣᠭᠤᠯᠤᠯᠲᠠ ᠶᠢᠨ ᠬᠠᠮᠢᠶᠠᠷᠤᠯᠲᠠ ᠶᠢᠨ ᠺᠣᠮᠫᠠᠨᠢ ᠪᠣᠯᠣᠨ ᠬᠥᠬᠡᠬᠤᠲᠠ ᠶᠢᠨ ᠬᠠᠷᠢᠶ᠎ᠠ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠪᠡᠯᠡ ᠣᠷᠣᠭᠤᠯᠤᠯᠲᠠ ᠶᠢᠨ ᠬᠢᠵᠠᠭᠠᠷᠲᠤ ᠺᠣᠮᠫᠠᠨᠢ᠂ ᠲᠤᠮᠤ ᠳ᠋ᠠᠶᠢᠲ᠋ᠠ ᠶᠢᠨ ᠠᠵᠤ ᠦᠢᠯᠡᠰ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠬᠠᠮᠲᠤᠷᠠᠯᠴᠠᠨ ᠶᠡᠷᠦᠩᠬᠡᠢ ᠬᠡᠪᠴᠢᠶ᠎ᠡ ᠪᠠᠷ 2 ᠳ᠋ᠦᠩᠰᠢᠭᠤᠷ ᠲᠥᠭᠦᠷᠢᠭ ᠪᠣᠯᠬᠤ ᠬᠥᠬᠡᠬᠤᠲᠠ ᠶᠢᠨ ᠨᠤᠷᠠᠭᠠᠯᠲᠠ ᠶᠢᠨ ᠴᠢᠨᠠᠷᠲᠠᠢ ᠮᠡᠷᠭᠡᠵᠢᠯ ᠤᠨ ᠰᠠᠭᠤᠷᠢ ᠮᠥᠩᠭᠦ ᠶᠢ ᠡᠭᠦᠰᠬᠡᠨ ᠪᠠᠶᠢᠭᠤᠯᠵᠤ᠂ ᠬᠦᠬᠡᠬᠤᠲᠠ ᠳᠤ ᠨᠤᠷᠠᠭᠠᠯᠲᠠ ᠶᠢᠨ ᠴᠢᠨᠠᠷᠲᠠᠢ ᠮᠡᠷᠭᠡᠵᠢᠯ ᠪᠣᠯᠣᠨ ᠲᠦᠷᠦᠯ ᠵᠦᠢᠯ ᠢᠶᠠᠨ ᠤᠯᠠᠷᠢᠭᠤᠯᠬᠤ ᠳᠤ ᠪᠠᠲᠤᠯᠠᠭ᠎ᠠ ᠬᠠᠩᠭᠠᠪᠠ᠃ ᠭᠤᠷᠪᠠ ᠳᠤ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠤᠳᠤᠯᠭᠠᠨ ᠤ ᠬᠦᠷᠢᠶᠡᠯᠡᠩ᠂ ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠵᠡᠷᠭᠡ ᠨᠢᠭᠡᠴᠢ ᠲᠠᠢ ᠢᠳᠡᠪᠬᠢᠲᠡᠢ ᠵᠣᠯᠭᠠᠭᠤᠯᠵᠤ᠂ ᠳᠡᠭᠡᠷ᠎ᠡ ᠳᠣᠣᠷ᠎ᠠ ᠱᠠᠳᠤ ᠪᠠᠷ ᠢᠶᠠᠨ ᠬᠠᠮᠵᠢᠯᠴᠠᠭᠰᠠᠨ᠂ ᠰᠠᠯᠠᠭ᠎ᠠ ᠮᠥᠴᠢᠷ ᠬᠤᠯᠪᠣᠭᠠᠯᠠᠨ ᠬᠥᠳᠡᠯᠦᠯᠴᠡᠭᠰᠡᠨ ᠠᠵᠢᠯ ᠤᠨ ᠲᠣᠭᠲᠠᠴᠠ ᠶᠢ ᠪᠠᠶᠢᠭᠤᠯᠪᠠ᠂ ᠣᠳᠣᠬᠠᠨ ᠳᠤ ᠪᠡᠭᠡᠵᠢᠩ ᠲᠢᠶᠠᠨᠵᠢᠨ ᠡᡁᠧᠪᠸᠢ ᠶᠢᠨ ᠤᠯᠤᠰ ᠤᠨ ᠮᠡᠷᠭᠡᠵᠢᠯ ᠤᠨ ᠰᠢᠨ᠎ᠡ ᠡᠭᠦᠳᠦᠯᠲᠡ ᠶᠢᠨ ᠲᠥᠪ ᠪᠣᠯᠤᠨ ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠶᠢᠨ ᠬᠠᠮᠲᠤ ᠪᠠᠷ ᠪᠠᠶᠢᠭᠤᠯᠤᠭᠰᠠᠨ ︽ᠲᠡᠷᠢᠭᠦᠨ ᠤ ᠮᠡᠷᠭᠡᠵᠢᠯ ᠤᠨ ᠲᠤᠷᠰᠢᠯᠲᠠ ᠶᠢᠨ ᠲᠠᠰᠤᠭ︾ ᠤᠨ ᠠᠵᠢᠯ ᠡᠬᠢᠯᠡᠭᠦᠯᠬᠦ ᠶᠢ ᠠᠮᠵᠢᠯᠲᠠ ᠲᠠᠢ ᠪᠠᠷ ᠠᠬᠢᠭᠤᠯᠪᠠ᠃
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ