ᠮᠠᠨ ᠤ ᠣᠷᠣᠨ ᠤ 2 ᠲᠦᠷᠦᠯ ᠵᠦᠢᠯ ᠵᠢᠷᠭᠤᠳᠤᠭᠠᠷ ᠬᠤᠭᠤᠴᠠᠭᠠᠨ ᠤ ︽ᠳᠤᠮᠳᠠᠳᠤ ᠤᠯᠤᠰ ᠤᠨ ᠡᠭᠦᠳᠦᠯᠲᠡ ᠶᠢᠨ ᠵᠢᠭᠦᠷ︾ ᠤᠷᠤᠯᠳᠤᠭᠠᠨ ᠳᠤ ᠱᠠᠩᠨᠠᠯ ᠬᠦᠷᠲᠡᠵᠡᠢ
ᠨᠡᠶᠢᠲᠡᠯᠡᠭᠰᠡᠨ ᠴᠠᠭ᠄
2024/10/14
      ᠰᠤᠷᠪᠤᠯᠵᠢᠯᠠᠬᠴᠢ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠠᠴᠠ ᠣᠶᠢᠯᠠᠭᠠᠭᠰᠠᠨ ᠢᠶᠠᠷ᠂ ᠲᠦᠷᠦᠭᠦᠬᠡᠨ ᠤᠯᠤᠰ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠠᠴᠠ ᠡᠷᠭᠢᠯᠡᠭᠰᠡᠨ ᠵᠢᠷᠭᠤᠳᠤᠭᠠᠷ ᠬᠤᠭᠤᠴᠠᠭᠠᠨ ᠤ ︽ᠳᠤᠮᠳᠠᠳᠤ ᠤᠯᠤᠰ ᠤᠨ ᠡᠭᠦᠳᠦᠯᠲᠡ ᠶᠢᠨ ᠵᠢᠭᠦᠷ︾ ᠦᠢᠯᠡᠰ ᠪᠣᠰᠬᠠᠬᠤ ᠰᠢᠨ᠎ᠡ ᠶᠢ ᠡᠭᠦᠳᠬᠦ ᠤᠷᠤᠯᠳᠤᠭᠠᠨ ᠤ ᠪᠦᠭᠦ ᠤᠯᠤᠰ ᠤᠨ ᠰᠢᠯᠭᠠᠷᠠᠭᠤᠯᠬᠤ ᠤᠷᠤᠯᠳᠤᠭᠠᠨ ᠪᠠ ᠶᠡᠷᠦᠩᠬᠡᠢ ᠰᠢᠢᠳᠪᠦᠷᠢᠲᠦ ᠤᠷᠤᠯᠳᠤᠭᠠᠨ ᠱᠠᠨ ᠰᠢ ᠶᠢᠨ ᠳ᠋ᠠᠲ᠋ᠦ᠋ᠩ ᠳᠤ ᠥᠨᠳᠥᠷᠯᠡᠵᠦ᠂ ᠪᠦᠭᠦ ᠤᠯᠤᠰ ᠤᠨ 461 ᠲᠥᠷᠥᠯ ᠵᠦᠢᠯ ᠤᠨ ᠳᠣᠲᠣᠷ᠎ᠠ ᠭᠦᠭᠡᠬᠤᠲᠠ ᠪᠠ ᠪᠠᠶᠠᠨᠨᠠᠭᠤᠷ ᠬᠤᠲᠠ ᠠᠴᠠ ᠰᠣᠩᠭᠤᠨ ᠳᠡᠪᠰᠢᠭᠦᠯᠦᠭᠰᠡᠨ ᠬᠤᠶᠠᠷ ᠲᠥᠷᠥᠯ ᠵᠦᠢᠯ ᠨᠢ ᠶᠡᠷᠦᠩᠬᠡᠢ ᠰᠢᠢᠳᠪᠦᠷᠢᠲᠦ ᠤᠷᠤᠯᠳᠤᠭᠠᠨ ᠳᠤ ᠣᠷᠣᠭᠰᠠᠨ ᠪᠥᠭᠡᠳ ᠡᠴᠦᠰ ᠲᠡᠭᠡᠨ ᠰᠢᠯᠢᠳᠡᠭ ᠱᠠᠩᠨᠠᠯ ᠪᠠ ᠰᠢᠯᠢᠳᠡᠭ ᠦᠢᠯᠡᠰ ᠪᠣᠰᠬᠠᠬᠤ ᠲᠥᠷᠥᠯ ᠵᠦᠢᠯ ᠤᠨ ᠱᠠᠩᠨᠠᠯ ᠭᠦᠷᠳᠡᠪᠡ᠃      ᠲᠣᠰ ᠤᠳᠠᠭᠠᠨ ᠤ ᠤᠷᠤᠯᠳᠤᠭᠠᠨ ᠳᠤ ᠰᠠᠶᠢᠲᠤᠷ ᠣᠷᠤᠯᠴᠠᠬᠤ ᠶᠢᠨ ᠲᠥᠯᠥᠭᠡ᠂ ᠮᠠᠨ ᠤ ᠣᠷᠣᠨ ︽ᠰᠢᠨ᠎ᠡ ᠴᠠᠭ ᠦᠶ᠎ᠡ ᠳᠤ ᠦᠢᠯᠡᠰ ᠪᠣᠰᠬᠠᠬᠤ ᠬᠦᠰᠡᠯ ᠡᠪᠦᠷᠯᠡᠨ ᠳᠤᠮᠳᠠᠳᠤ ᠶᠢᠨ ᠵᠡᠭᠦᠳᠦ ᠶᠢ ᠬᠠᠮᠲᠤ ᠪᠠᠷ ᠲᠡᠷᠭᠡᠯᠰᠢᠭᠦᠯᠬᠦ︾ ᠪᠠᠷ ᠭᠤᠣᠯ ᠰᠡᠳᠦᠪ ᠪᠤᠯᠭᠠᠵᠤ᠂ ᠡᠨᠡ ᠵᠢᠯ ᠤᠨ 4 ᠰᠠᠷ᠎ᠠ ᠠᠴᠠ ᠡᠬᠢᠯᠡᠨ᠂ ᠪᠦᠭᠦ ᠣᠷᠣᠨ ᠤ ᠡᠯ᠎ᠡ ᠱᠠᠲᠤᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠪᠣᠯᠣᠨ ᠬᠠᠮᠢᠶ᠎ᠠ ᠪᠦᠬᠦᠢ ᠨᠢᠭᠡᠴᠢ ᠶᠢᠨ ᠬᠢᠨ ᠥᠪᠡᠷᠲᠡᠭᠡᠨ ᠵᠠᠰᠠᠬᠤ ᠣᠷᠣᠨ ᠤ ᠰᠢᠯᠭᠠᠷᠠᠭᠤᠯᠬᠤ ᠤᠷᠤᠯᠳᠤᠭᠠᠨ ᠢ ᠨᠠᠷᠢᠨ ᠬᠢᠨᠠᠮᠠᠭᠠᠢ ᠵᠣᠬᠢᠶᠠᠨ ᠪᠠᠶᠢᠭᠤᠯᠵᠤ᠂ ᠥᠷᠭᠡᠨ ᠣᠯᠠᠨ ᠦᠢᠯᠡᠰ ᠪᠣᠰᠬᠠᠭᠴᠢᠳ ᠲᠤ ᠳᠡᠯᠭᠡᠨ ᠦᠵᠡᠭᠦᠯᠭᠦ ᠲᠠᠪᠴᠠᠩ ᠬᠠᠩᠭᠠᠵᠤ᠂ ᠰᠢᠨ᠎ᠡ ᠶᠢ ᠡᠭᠦᠳᠴᠦ ᠦᠢᠯᠡᠰ ᠪᠣᠰᠬᠠᠬᠤ ᠠᠮᠢᠵᠢᠷᠠᠯ ᠤᠨ ᠬᠦᠴᠦᠨ ᠢ ᠬᠥᠭᠵᠢᠭᠡᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠬᠤᠪᠢᠷᠠᠭᠤᠯᠤᠨ ᠬᠡᠷᠡᠭᠯᠡᠬᠦ ᠶᠢ ᠠᠬᠢᠭᠤᠯᠵᠤ᠂ ᠤᠷᠢᠳ ᠬᠤᠵᠢᠳ 414 ᠲᠥᠷᠥᠯ ᠵᠦᠢᠯ ᠠᠶᠢᠮᠠᠭ ᠬᠤᠲᠠ ᠶᠢᠨ ᠠᠩᠬᠠᠨ ᠤ ᠤᠷᠤᠯᠳᠤᠭᠠᠨ ᠳᠤ ᠣᠷᠣᠯᠴᠠᠵᠤ᠂ 142 ᠲᠥᠷᠥᠯ ᠵᠦᠢᠯ ᠨᠢ ᠥᠪᠡᠷᠲᠡᠭᠡᠨ ᠵᠠᠰᠠᠬᠤ ᠣᠷᠣᠨ ᠤ ᠰᠢᠯᠭᠠᠷᠠᠭᠤᠯᠬᠤ ᠤᠷᠤᠯᠳᠤᠭᠠᠨ ᠳᠤ ᠣᠷᠣᠯᠴᠠᠵᠤ᠂ ᠬᠠᠮᠤᠭ ᠤᠨ ᠡᠴᠦᠰ ᠲᠤ 7 ᠲᠥᠷᠥᠯ ᠵᠦᠢᠯ ᠨᠢ ᠪᠦᠭᠦ ᠤᠯᠤᠰ ᠤᠨ ᠰᠢᠯᠭᠠᠷᠠᠭᠤᠯᠬᠤ ᠤᠷᠤᠯᠳᠤᠭᠠᠨ ᠳᠤ ᠣᠷᠣᠯᠴᠠᠪᠠ᠃      ᠡᠲᠡᠭᠡᠷ ᠲᠥᠷᠥᠯ ᠵᠦᠢᠯ ᠳᠤ ᠣᠶᠤᠲᠠᠳ ᠤᠨ ᠦᠢᠯᠡᠰ ᠪᠣᠰᠬᠠᠭᠰᠠᠨ᠂ ᠴᠡᠷᠢᠭ ᠠᠴᠠ ᠬᠠᠯᠠᠭᠳᠠᠭᠰᠠᠳ ᠤᠨ ᠦᠢᠯᠡᠰ ᠪᠣᠰᠬᠠᠭᠰᠠᠨ ᠠᠮᠢᠳᠤᠯᠢᠭ ᠵᠢᠱᠢᠶ᠎ᠡ ᠪᠠᠶᠢᠬᠤ ᠮᠥᠷᠲᠡᠭᠡᠨ ᠨᠤᠲᠤᠭ ᠲᠠᠭᠠᠨ ᠪᠤᠴᠠᠵᠤ ᠦᠢᠯᠡᠰ ᠪᠣᠰᠬᠠᠭᠴᠢ ᠶᠢᠨ ᠨᠤᠲᠤᠭ ᠤᠨ ᠠᠷᠠᠳ ᠲᠦᠮᠡᠨ ᠢᠶᠠᠨ ᠳᠠᠭᠠᠭᠤᠯᠤᠨ ᠶᠠᠳᠠᠭᠤ ᠠᠴᠠ ᠠᠩᠭᠢᠵᠢᠷᠠᠨ ᠪᠠᠶᠠᠵᠢᠯ ᠤᠨ ᠵᠠᠮ ᠢᠶᠠᠷ ᠵᠠᠮᠨᠠᠭᠰᠠᠨ ᠰᠡᠳᠬᠢᠯ ᠬᠥᠳᠡᠯᠭᠡᠮ᠎ᠡ ᠥᠯᠢᠭᠡᠷ ᠴᠦ ᠪᠤᠶ᠄ ᠢᠨᠲ᠋ᠧᠷ ᠰᠦᠯᠵᠢᠶ᠎ᠡ᠂ ᠣᠲᠣ ᠦᠶ᠎ᠡ ᠶᠢᠨ ᠲᠠᠷᠢᠶᠠᠯᠠᠩ ᠵᠡᠷᠭᠡ ᠰᠢᠨ᠎ᠡ ᠶᠢ ᠡᠭᠦᠳᠬᠦ ᠴᠢᠨᠠᠷ ᠢᠶᠠᠷ ᠴᠢᠩᠭ᠎ᠠ᠂ ᠲᠡᠷᠢᠭᠦᠨ ᠤ ᠮᠡᠷᠭᠡᠵᠢᠯ ᠲᠠᠢ ᠳᠡᠭᠡᠳᠦ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠲᠥᠷᠥᠯ ᠵᠦᠢᠯ ᠪᠠᠶᠢᠬᠤ ᠪᠠᠷ ᠪᠠᠷᠠᠬᠤ ᠦᠭᠡᠢ᠂ ᠪᠠᠰᠠ ᠰᠣᠶᠣᠯ ᠤᠨ ᠪᠦᠲᠦᠭᠡᠯᠴᠢ ᠲᠥᠰᠥᠪᠯᠡᠯ᠂ ᠤᠯᠠᠮᠵᠢᠯᠠᠯᠲᠤ ᠭᠠᠷ ᠤᠷᠠᠯᠠᠯ᠂ ᠰᠣᠶᠣᠯ ᠵᠢᠭᠤᠯᠴᠢᠯᠠᠯ ᠤᠨ ᠠᠭᠤᠰᠤᠯᠴᠠᠯ ᠵᠡᠷᠭᠡ ᠬᠥᠮᠥᠨ ᠨᠡᠶᠢᠭᠡᠮ ᠤᠨ ᠰᠢᠨ᠎ᠡ ᠶᠢ ᠡᠭᠦᠳᠬᠦ ᠲᠥᠷᠥᠯ ᠵᠦᠢᠯ ᠪᠤᠢ᠃ ᠡᠭᠦᠨ ᠤ ᠬᠠᠮᠲᠤ ᠤᠷᠤᠯᠳᠤᠭᠠᠨ ᠳᠤ ᠣᠷᠣᠯᠴᠠᠬᠰᠠᠨ ᠲᠥᠷᠥᠯ ᠵᠦᠢᠯ ᠨᠢ ᠪᠠᠰᠠ ᠣᠳᠣᠬᠠᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠪᠣᠬᠢᠷᠳᠤᠯ ᠦᠭᠡᠢ ᠠᠵᠤ ᠠᠬᠤᠢ ᠵᠡᠷᠭᠡ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠵᠦ᠂ ᠥᠪᠡᠷᠲᠡᠭᠡᠨ ᠵᠠᠰᠠᠬᠤ ᠣᠷᠣᠨ ᠤ ᠦᠢᠯᠡᠰ ᠪᠣᠰᠬᠠᠵᠤ ᠰᠢᠨ᠎ᠡ ᠶᠢ ᠡᠭᠦᠳᠬᠦ ᠬᠥᠮᠥᠰ ᠤᠨ ᠪᠦᠲᠦᠭᠡᠯᠴᠢ ᠴᠢᠨᠠᠷ ᠢ ᠢᠯᠡᠷᠡᠭᠦᠯᠵᠡᠢ᠃
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠭᠡᠨ ᠤ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ